ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠠᠷᠠᠳ ᠤᠨ ᠵᠣᠪᠠᠨᠢᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2023/10/12
     ᠲᠦᠷᠦᠭᠦᠬᠡᠨ᠂ ᠵᠠᠬᠢᠳᠠᠯ ᠰᠤᠷᠪᠤᠯᠵᠢᠯᠠᠭ᠎ᠠ ᠬᠢᠭᠴᠢ ᠺᠠᠩ ᠠᠪᠠᠭ᠋ᠠᠶ ᠤᠲᠠᠰᠤ ᠪᠠᠷ ᠬᠤᠷᠢᠶᠠᠯᠠᠯ ᠤᠨ ᠲᠤᠤᠷᠵᠢᠭᠰᠠᠨ ᠬᠠᠮᠢᠶᠠᠷᠤᠯᠲᠠ ᠶᠢᠨ ᠠᠵᠢᠯᠲᠠᠨ ᠲᠠᠢ ᠬᠠᠷᠢᠯᠴᠠᠵᠤ᠂ ᠲᠤᠤᠷᠵᠢᠭᠰᠠᠨ ᠬᠠᠮᠢᠶᠠᠷᠤᠯᠲᠠ ᠶᠢᠨ ᠠᠵᠢᠯᠲᠠᠨ ᠳᠤ ᠴᠠᠬᠢᠯᠭᠠᠨ ᠵᠣᠭᠰᠣᠭᠰᠠᠨ ᠪᠠᠶᠢᠳᠠᠯ ᠢ ᠲᠤᠰᠬᠠᠵᠤ᠂ ᠠᠵᠢᠯᠲᠠᠳ ᠤᠨ ᠬᠡᠷ ᠤᠨ ᠴᠠᠬᠢᠯᠭᠠᠨ ᠬᠡᠯᠬᠢᠶᠡᠨ ᠤ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢ ᠬᠦᠰᠡᠪᠡ᠃ ᠵᠧᠩ ᠳ᠋ᠡ ᠨᠡᠶᠢᠭᠡᠮ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠴᠡᠭ ᠤᠨ ᠣᠷᠣᠯᠠᠨ ᠭᠦᠢᠴᠡᠳᠬᠡᠭᠴᠢ ᠨᠢᠦ ᠵᠢᠶᠠᠨ ᠡᠭᠦᠨ ᠢ ᠮᠡᠳᠡᠭᠰᠡᠨ ᠤ ᠳᠠᠷᠠᠭ᠎ᠠ᠂ ᠲᠡᠷᠡ ᠳᠠᠷᠤᠢ ᠳᠤᠨᠢ ᠱᠦᠵᠢ ᠬᠠᠨ ᠴᠤᠤ ᠵᠢᠴᠢ ᠬᠤᠤᠰ ᠠᠳᠠᠯ ᠠᠬᠤᠢ ᠶᠢᠨ ᠴᠠᠬᠢᠯᠭᠠᠨ ᠤ ᠠᠵᠢᠯᠴᠢᠨ ᠲᠠᠢ ᠬᠠᠮᠲᠤ ᠰᠠᠭᠤᠭᠠᠯᠢ ᠠᠷᠠᠳ ᠤᠨ ᠭᠡᠷ ᠲᠤ ᠬᠦᠷᠴᠦ ᠴᠠᠬᠢᠯᠭᠠᠨ ᠬᠡᠯᠬᠢᠶ᠎ᠡ ᠶᠢᠨ ᠠᠰᠠᠭᠤᠳᠠᠯ ᠢ ᠪᠠᠶᠢᠴᠠᠭᠠᠪᠠ᠃
     ᠺᠠᠩ ᠠᠪᠠᠭ᠋ᠠᠶ ᠶᠢᠨ ᠭᠡᠷ ᠨᠢ ᠰᠢᠶᠠᠨ ᠳ᠋ᠠᠢ ᠬᠤᠸᠠ ᠴᠧᠩ ᠤᠨ ᠨᠢᠭᠡᠳᠦᠭᠡᠷ ᠬᠤᠭᠤᠴᠠᠭᠠᠨ ᠤ ᠬᠢᠮᠳᠠ ᠲᠦᠷᠢᠶᠡᠰᠦᠨ ᠭᠡᠷ ᠲᠤ ᠰᠠᠭᠤᠵᠤ ᠪᠠᠶᠢᠨ᠎ᠠ᠂ ᠪᠠᠶᠢᠴᠠᠭᠠᠭᠰᠠᠨ ᠤ ᠳ᠋ᠦᠩ ᠳᠤ ᠴᠠᠬᠢᠯᠭᠠᠨ ᠬᠡᠯᠬᠢᠶ᠎ᠡ ᠬᠠᠭᠤᠴᠢᠷᠠᠭᠰᠠᠨ ᠠᠴᠠ ᠪᠣᠯᠵᠤ᠂ ᠭᠡᠷ ᠤᠨ ᠴᠠᠬᠢᠯᠭᠠᠨ ᠬᠡᠷᠡᠭᠰᠡᠯ ᠤᠨ ᠳᠠᠭᠠᠭᠠᠴᠠ ᠨᠢ ᠪᠠᠭ᠋ᠠᠨ ᠶᠡᠬᠡᠳᠪᠡᠯ ᠴᠠᠬᠢᠯᠭᠠᠨ ᠬᠠᠭᠠᠯᠲᠠ ᠰᠤᠭᠤᠷᠠᠵᠤ᠂ ᠭᠡᠷ ᠤᠨ ᠴᠠᠬᠢᠯᠭᠠᠨ ᠨᠢ ᠵᠣᠭᠰᠣᠳᠠᠭ ᠪᠠᠶᠢᠨ᠎ᠠ᠃ ᠺᠠᠩ ᠠᠪᠠᠭ᠋ᠠᠢ ᠤᠳᠠᠭᠠᠨ ᠴᠢᠨᠠᠷᠲᠠᠶ ᠬᠢᠷᠬᠢᠷ᠎ᠡ ᠡᠪᠡᠳᠴᠢᠨ ᠳᠤ ᠨᠡᠷᠪᠡᠭᠳᠡᠵᠦ᠂ ᠤᠷᠲᠤ ᠬᠤᠭᠤᠴᠠᠭ᠎ᠠ ᠪᠠᠷ ᠬᠦᠴᠢᠯᠲᠥ᠋ᠷᠥᠭᠴᠢ ᠰᠣᠷᠣᠬᠤ ᠴᠢᠬᠤᠯᠠᠲᠠᠢ᠂ ᠭᠡᠷ ᠲᠡᠭᠡᠨ ᠴᠠᠬᠢᠯᠭᠠᠨ ᠵᠣᠭᠰᠣᠮᠠᠭᠴᠠ ᠠᠮᠢᠰᠬᠤᠯ ᠤᠨ ᠮᠠᠰᠢᠨ ᠢᠶᠠᠨ ᠴᠤ ᠬᠡᠷᠡᠭᠯᠡᠵᠦ ᠪᠣᠯᠬᠤ ᠦᠭᠡᠶ ᠪᠣᠯᠵᠠᠶ᠃ ᠴᠠᠬᠢᠯᠭᠠᠨ ᠬᠡᠷᠡᠭᠰᠡᠯ ᠤᠨ ᠳᠠᠭᠠᠭᠠᠴᠠ ᠠᠴᠠ ᠬᠡᠲᠦᠷᠡᠭᠦᠯᠦᠨ ᠠᠵᠢᠯᠯᠠᠭᠰᠠᠨ ᠠᠴᠠ ᠪᠣᠯᠤᠭᠰᠠᠨ ᠴᠠᠬᠢᠯᠭᠠᠨ ᠵᠣᠭᠰᠣᠬᠤ ᠠᠰᠠᠭᠤᠳᠠᠯ ᠢ ᠬᠤᠷᠢᠭᠯᠠᠬᠤ ᠶᠢᠨ ᠲᠥᠯᠥᠭᠡ ᠵᠧᠩ ᠳ᠋ᠡ ᠨᠡᠶᠢᠭᠡᠮ ᠲᠣᠭᠤᠷᠢᠭ ᠤᠨ ᠱᠦᠵᠢ ᠬᠠᠨ ᠴᠤᠤ ᠠᠳᠠᠯ ᠠᠬᠤᠶ ᠶᠢᠨ ᠠᠵᠢᠯᠲᠠᠳ ᠢ ᠰᠢᠪᠠᠳᠠᠨ ᠺᠠᠩ ᠠᠪᠠᠭ᠋ᠠᠶ ᠶᠢᠨ ᠭᠡᠷ ᠲᠤ ᠰᠢᠨ᠎ᠡ ᠵᠠᠮ ᠱᠤᠭᠤᠮ ᠢ ᠰᠣᠯᠢᠵᠤ ᠥᠭᠭᠦᠭᠡᠳ᠂ ᠦᠷᠭᠦᠯᠵᠢ ᠴᠠᠬᠢᠯᠭᠠᠨ ᠬᠠᠭᠠᠯᠲᠠ ᠰᠤᠭᠤᠷᠠᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠡᠢ᠃ ᠶᠠᠪᠤᠬᠤ ᠳᠠᠭᠠᠨ ᠣᠷᠣᠯᠠᠨ ᠭᠦᠢᠴᠡᠳᠬᠡᠭᠴᠢ ᠺᠠᠩ ᠠᠪᠠᠭ᠋ᠠᠶ ᠶᠢᠨ ᠭᠡᠷ ᠤᠨ ᠬᠤᠭ ᠢ ᠠᠰᠠᠷ ᠤᠨ ᠳᠣᠣᠷᠠᠬᠢ ᠬᠤᠭ ᠤᠨ ᠰᠠᠪᠠᠨ ᠳᠤ ᠬᠠᠶᠠᠵᠠᠶ᠃
     ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠴᠡᠭ ᠤᠨ ᠵᠣᠷᠢᠯᠲᠠ ᠪᠣᠯ ᠠᠷᠠᠳ ᠲᠦᠮᠡᠨ ᠳᠤ ᠦᠢᠯᠡᠴᠢᠯᠡᠵᠦ᠂ ᠰᠠᠭᠤᠭᠠᠯᠢ ᠠᠷᠠᠳ ᠤᠨ ᠬᠦᠴᠢᠷ ᠵᠣᠪᠠᠯᠠᠩ ᠢ ᠰᠢᠢᠳᠪᠦᠷᠢᠯᠡᠨ ᠥᠭᠴᠦ᠂ ᠰᠠᠭᠤᠭᠠᠯᠢ ᠠᠷᠠᠳ ᠤᠨ ᠵᠥᠷᠢᠴᠡᠯ ᠢ ᠰᠢᠢᠳᠪᠦᠷᠢᠯᠡᠬᠦ ᠶᠠᠪᠤᠳᠠᠯ ᠪᠣᠯᠤᠨ᠎ᠠ᠃ ᠢᠦᠶ ᠴᠢᠤᠸᠠᠨ ᠲᠣᠭᠤᠷᠢᠭ ᠤᠨ ᠵᠧᠩ ᠳ᠋ᠡ ᠨᠡᠶᠢᠭᠡᠮ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠦᠢᠯᠡᠴᠢᠯᠡᠭᠡᠨ ᠤ ᠴᠡᠭ ᠲᠤ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠠᠵᠢᠯ ᠢ ᠦᠷᠭᠦᠯᠵᠢᠯᠡᠨ ᠶᠡᠬᠡᠪᠡᠷ ᠶᠠᠪᠤᠭᠳᠠᠭᠤᠯᠵᠤ᠂ ᠰᠠᠭᠤᠭᠠᠯᠢ ᠠᠷᠠᠳ ᠤᠨ ᠨᠡᠪᠲᠡᠷᠡᠯᠴᠡᠬᠦ ᠠᠷᠭ᠎ᠠ ᠵᠠᠮ ᠢ ᠰᠢᠯᠤᠭᠤᠳᠬᠠᠨ᠂ ᠵᠠᠬᠢᠳᠠᠯ ᠰᠤᠷᠪᠤᠯᠵᠢᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠦᠨᠳᠦᠰᠦᠨ ᠱᠠᠲᠤᠨ ᠳᠤ ᠴᠠᠭ ᠲᠤᠬᠠᠶ ᠳᠤᠨᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃
                ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号