ᠵᠣᠴᠢᠨ᠄ ᠬᠥᠬᠡᠬᠤᠲᠠ ᠶᠢᠨ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ | ᠺᠠᠳ᠋ᠷᠴᠤᠳ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠴᠢᠶᠧ ᠬᠠᠶ ᠮᠢᠩ᠂ ᠬᠥᠬᠡᠬᠤᠲᠠ ᠶᠢᠨ ᠴᠡᠷᠢᠭ | ᠠᠩᠭᠢ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ ᠺᠠᠳ᠋ᠷᠴᠤᠳ ᠤᠨ ᠦᠢᠯᠡᠴᠢᠯᠡᠭᠡᠨ ᠤ | ᠲᠥᠪ ᠤᠨ ᠳᠡᠳ᠋ ᠡᠷᠬᠢᠯᠡᠭᠴᠢ ᠵᠠᠩ ᠸᠧᠨ ᠯᠢ᠂ ᠨᠡᠶᠢᠭᠡᠮᠴᠢᠯᠡᠭᠰᠡᠨ ᠦᠢᠯᠡᠴᠢᠯᠡᠭᠡᠨ ᠤ ᠰᠠᠯᠠᠭᠠᠨ ᠤ ᠳᠡᠳ᠋ ᠳᠠᠷᠤᠭ᠎ᠠ | ᠯᠢᠦᠶ ᠨᠠᠨ᠂ ᠬᠤᠶᠠᠳᠤᠭᠠᠷ ᠦᠢᠯᠡᠴᠢᠯᠡᠭᠡᠨ ᠤ ᠥᠷᠲᠡᠭᠡᠨ ᠤ ᠳᠡᠳ᠋ ᠳᠠᠷᠤᠭ᠎ᠠ ᠴᠧᠨ ᠮᠸᠤ ᠳ᠋ᠧ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | 1.ᠬᠠᠮᠢᠶᠠᠷᠤᠭᠴᠢ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | 2. ᠬᠥᠲᠥᠯᠥᠭᠴᠢ | ᠡᠩ ᠲᠡᠷᠢᠭᠦᠨ ᠳᠤ ᠮᠠᠨ ᠤ ᠬᠤᠲᠠ ᠶᠢᠨ ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ ᠦᠢᠯᠡᠴᠢᠯᠡᠭᠡ | ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠶ᠎ᠠ᠃ | 3. ᠬᠥᠬᠡᠬᠤᠲᠠ ᠶᠢᠨ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ | ᠺᠠᠳ᠋ᠷᠴᠤᠳ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠴᠢᠶᠧ ᠬᠠᠶ ᠮᠢᠩ | | | | | ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠦᠦ︕ ᠡᠩ ᠲᠡᠷᠢᠭᠦᠨ ᠳᠤ᠂ ᠲᠠ ᠪᠦᠬᠦᠨ ᠤ ᠮᠠᠨ ᠤ ᠬᠤᠲᠠ ᠶᠢᠨ | ᠴᠡᠷᠢᠭ ᠤᠨ ᠠᠮᠠᠷᠠᠯᠲᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠃ ᠶᠡᠷᠦᠩᠬᠡᠶ ᠱᠦᠵᠢ | ᠰᠢ ᠶᠢᠨ ᠫᠢᠩ ᠵᠢᠭᠠᠵᠤ ᠭᠠᠷᠭᠠᠭᠰᠠᠨ ᠨᠢ᠂ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ | ᠪᠠᠭᠤᠭᠰᠠᠨ ᠺᠠᠳ᠋ᠷᠴᠤᠳ ᠨᠠᠮ ᠤᠨ ᠤᠳᠤᠷᠢᠳᠤᠭᠰᠠᠨ ᠬᠤᠪᠢᠰᠬᠠᠯ᠂ ᠪᠥᠲᠥᠭᠡᠨ ᠪᠠᠶᠢᠭᠤᠯᠤᠯᠲᠠ᠂ | ᠥᠭᠡᠷᠡᠴᠢᠯᠡᠯᠲᠡ ᠶᠢᠨ ᠦᠢᠯᠡᠰ ᠲᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠂ ᠡᠨᠡ ᠪᠣᠯ ᠨᠠᠮ᠂ ᠤᠯᠤᠰ᠂ | ᠴᠡᠷᠢᠭ ᠠᠩᠭᠢ ᠶᠢᠨ ᠡᠷᠬᠢᠮ ᠨᠠᠨᠳᠢᠨ ᠡᠳ᠋ ᠬᠥᠷᠥᠩᠭᠡ ᠮᠥᠨ᠃ ᠬᠥᠬᠡᠬᠤᠲᠠ ᠶᠢᠨ ᠴᠡᠷᠢᠭ ᠠᠩᠭᠢ ᠶᠢᠨ | ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ ᠺᠠᠳ᠋ᠷᠴᠤᠳ ᠤᠨ ᠦᠢᠯᠡᠴᠢᠯᠡᠭᠡᠨ ᠤ ᠲᠥᠪ 2021 | ᠣᠨ ᠤ 2 ᠳ᠋ᠤᠭᠠᠷ ᠰᠠᠷ᠎ᠠ ᠳᠤ ᠬᠥᠬᠡᠬᠤᠲᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ | ᠵᠥᠪᠰᠢᠶᠡᠷᠡᠯ ᠢᠶᠠᠷ ᠪᠠᠶᠢᠭᠤᠯᠤᠭᠳᠠᠵᠤ᠂ ᠬᠥᠬᠡᠬᠤᠲᠠ ᠶᠢᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ | ᠶᠠᠪᠤᠳᠠᠯ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ | ᠦᠢᠯᠡᠰ ᠤᠨ ᠨᠢᠭᠡᠴᠢ ᠪᠣᠯᠵᠣ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠭᠠᠵᠠᠷ ᠤᠨ ᠲᠡᠰ ᠲᠠᠢ ᠲᠡᠩᠴᠡᠨ᠎ᠡ᠃ | ᠤᠳᠤᠬᠠᠨ ᠳᠤ 66 ᠠᠵᠢᠯᠲᠠᠨ ᠲᠠᠢ᠃ ᠣᠲᠣ ᠪᠣᠯᠲᠠᠯ᠎ᠠ᠂ ᠮᠠᠨ ᠤ ᠬᠤᠲᠠ ᠳᠤ ᠦᠢᠯᠡᠴᠢᠯᠡᠵᠦ ᠪᠠᠶᠢᠭ᠎ᠠ | ᠴᠡᠷᠢᠭ ᠤᠨ ᠠᠮᠠᠷᠠᠯᠲᠠ ᠶᠢᠨ ᠺᠠᠳ᠋ᠷ 754 ᠬᠥᠮᠦᠨ ᠪᠣᠶ᠂ ᠡᠭᠦᠨ ᠳᠤ ᠠᠵᠢᠯ ᠠᠴᠠ ᠪᠠᠨ ᠪᠠᠭᠤᠭᠰᠠᠨ ᠺᠠᠳ᠋ᠷ 730 | ᠬᠥᠮᠦᠨ᠂ ᠠᠵᠢᠯ ᠠᠴᠠ ᠪᠠᠨ ᠠᠮᠠᠷᠠᠭᠰᠠᠨ ᠺᠠᠳ᠋ᠷ 24 ᠬᠥᠮᠦᠨ ᠪᠣᠶ᠃ ᠤᠢᠢᠷ᠎ᠠ ᠶᠢᠨ ᠵᠢᠯ ᠠᠴᠠ᠂ ᠮᠠᠨ ᠤ | ᠬᠤᠳᠠ ᠶᠢᠨ ᠴᠡᠷᠢᠭ ᠤᠨ ᠠᠮᠠᠷᠠᠯᠲᠠ ᠶᠢᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠤᠨ ᠠᠮᠠᠷᠠᠯᠲᠠ ᠶᠢᠨ ᠺᠠᠳ᠋ᠷ ᠤᠨ ᠠᠵᠢᠯ ᠤᠨ ᠲᠤᠬᠠᠢ ᠴᠢᠬᠤᠯᠠ | ᠥᠭᠦᠯᠡᠯᠲᠡ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠴᠡᠷᠢᠭ ᠤᠨ ᠠᠮᠠᠷᠠᠯᠲᠠ ᠶᠢᠨ ᠺᠠᠳ᠋ᠷᠴᠤᠳ ᠢ ᠬᠦᠨᠳᠦᠳᠬᠡᠬᠦ᠂ ᠴᠡᠷᠢᠭ ᠤᠨ ᠠᠮᠠᠷᠠᠯᠲᠠ ᠶᠢᠨ | ᠺᠠᠳ᠋ᠷᠴᠤᠳ ᠠᠴᠠ ᠰᠤᠷᠤᠯᠴᠠᠬᠤ᠂ ᠴᠡᠷᠢᠭ ᠤᠨ ᠠᠮᠠᠷᠠᠯᠲᠠ ᠶᠢᠨ ᠺᠠᠳ᠋ᠷᠴᠤᠳ ᠢ ᠬᠠᠯᠠᠮᠵᠢᠯᠠᠬᠤ ᠭᠦᠨ ᠵᠤᠵᠠᠭᠠᠨ | ᠠᠭᠤᠷ ᠠᠮᠢᠰᠬᠤᠯ ᠢ ᠶᠡᠬᠡᠪᠡᠷ ᠪᠤᠢ ᠪᠣᠯᠭᠠᠪᠠ᠃ ︽ᠠᠯᠢᠪᠠ ᠪᠦᠬᠦᠨ ᠳᠤ ᠠᠵᠢᠯ ᠠᠴᠠ ᠪᠠᠨ ᠠᠮᠠᠷᠠᠭᠰᠠᠨ ᠺᠠᠳ᠋ᠷ ᠢᠶᠠᠷ | ᠭᠤᠣᠯ ᠪᠣᠯᠭᠠᠬᠤ︾ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠷᠢᠮᠲᠠᠯᠠᠵᠤ᠂ ︽ᠴᠡᠷᠢᠭ ᠠᠴᠠ ᠬᠠᠯᠠᠭᠳᠠᠭᠰᠠᠳ ᠢ | ᠪᠠᠲᠤᠯᠠᠬᠤ ᠬᠠᠤᠯᠢ︾ ︽ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ | ᠺᠠᠳ᠋ᠷᠴᠤᠳ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠳᠦᠷᠢᠮ ᠲᠣᠭᠲᠠᠭᠠᠯ ᠢ | ᠲᠣᠭᠲᠠᠭᠠᠬᠤ ᠪᠠᠷ ᠵᠢᠷᠤᠮᠯᠠᠯ ᠪᠣᠯᠭᠠᠵᠤ᠂ ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ ︽ᠬᠤᠶᠠᠷ ᠬᠠᠷᠠᠭᠠᠯᠵᠠᠯ ︵ | ᠤᠯᠤᠰ ᠲᠦᠷᠦ ᠶᠢᠨ ᠬᠠᠷᠠᠭᠠᠯᠵᠠᠯ ᠪᠠ ᠠᠮᠢᠳᠤᠷᠠᠯ ᠤᠨ ᠬᠠᠷᠠᠭᠠᠯᠵᠠᠯ︶︾ ᠢ ᠨᠠᠶᠢᠳᠠᠪᠤᠷᠢᠵᠢᠭᠤᠯᠬᠤ ᠪᠠᠷ ᠭᠠᠷᠳᠠᠴᠠ | ᠪᠣᠯᠭᠠᠵᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠᠷ ᠲᠤᠯᠭᠠᠭᠤᠷᠢᠯᠠᠯ ᠪᠣᠯᠭᠠᠵᠤ᠂ ᠨᠠᠮ ᠤᠨ | ᠪᠠᠶᠢᠭᠤᠯᠤᠯᠲᠠ ᠶᠢᠨ ᠲᠦᠷᠦᠯ ᠲᠡᠮᠳᠡᠭ ᠤᠨ ︽ᠳᠤᠲᠤᠨᠤ ᠦᠢᠯᠡᠴᠢᠯᠡᠵᠦ ᠡᠶ᠎ᠡ ᠵᠤᠬᠢᠴᠠᠯᠲᠤ ᠴᠡᠷᠢᠭ ᠤᠨ ᠠᠮᠠᠷᠠᠯᠲᠠ︾ | ᠶᠢ ᠡᠭᠦᠳᠦᠨ ᠪᠠᠶᠢᠭᠤᠯᠬᠤ ᠪᠠᠷ ᠬᠥᠲᠥᠯᠦᠮᠵᠢ ᠪᠣᠯᠭᠠᠵᠤ᠂ ︽ᠳᠦᠷᠪᠡᠨ ᠤᠶᠢᠷ᠎ᠠ ᠬᠠᠪᠢ ︵ᠦᠢᠷ᠎ᠠ ᠬᠠᠪᠢ ᠳᠠᠭᠠᠨ | ᠰᠤᠷᠤᠯᠴᠠᠬᠤ᠂ ᠦᠢᠷ᠎ᠠ ᠬᠠᠪᠢ ᠳᠠᠭᠠᠨ ᠠᠵᠢᠯᠯᠠᠭ᠎ᠠ ᠬᠢᠬᠦ᠂ ᠦᠢᠷ᠎ᠠ ᠬᠠᠪᠢ ᠳᠠᠭᠠᠨ ᠬᠠᠯᠠᠮᠵᠢᠯᠠᠨ ᠬᠠᠷᠠᠭᠠᠯᠵᠠᠬᠤ᠂ | ᠦᠢᠷ᠎ᠠ ᠬᠠᠪᠢ ᠳᠠᠭᠠᠨ ᠦᠢᠯᠡᠳᠦᠯ ᠢᠶᠠᠨ ᠪᠠᠳᠠᠷᠠᠭᠤᠯᠬᠤ︶︾ ᠪᠠᠷ ᠵᠠᠷᠴᠢᠮ ᠪᠤᠯᠭᠠᠵᠤ᠂ ︽ᠳᠥᠷᠪᠡ ᠶᠢ ᠨᠢᠭᠡ | ᠴᠤᠭᠴᠠᠵᠢᠭᠤᠯᠤᠭᠰᠠᠨ ︵ᠳᠠᠷᠤᠶ ᠴᠡᠷᠢᠭ ᠤᠨ ᠠᠮᠠᠷᠠᠯᠲᠠ ᠶᠢᠨ ᠲᠥᠪ ᠤᠨ ᠭᠤᠤᠯ ᠴᠣᠭᠴᠠ ᠶᠢᠨ ᠦᠢᠯᠡᠴᠢᠯᠡᠭᠡ᠂ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠥᠪᠡᠷ ᠤᠨ ᠪᠡᠶ᠎ᠡ ᠳᠡᠭᠡᠨ ᠦᠢᠯᠡᠴᠢᠯᠡᠬᠦ᠂ ᠬᠡᠷ ᠪᠦᠯᠢ ᠶᠢᠨ ᠲᠥᠷᠥᠯ | ᠰᠠᠳᠤᠨ ᠤ ᠬᠠᠶᠢᠷ᠎ᠠ ᠰᠡᠳᠬᠢᠯᠭᠡ ᠶᠢᠨ ᠦᠢᠯᠡᠴᠢᠯᠡᠭᠡ᠂ ᠨᠡᠶᠢᠭᠡᠮ ᠤᠨ ᠲᠤᠰᠠᠯᠠᠬᠤ ᠦᠢᠯᠡᠴᠢᠯᠡᠭᠡ ᠶᠢ ᠪᠠᠶᠢᠭᠤᠯᠬᠤ︶︾ | ᠦᠢᠯᠡᠴᠢᠯᠡᠭᠡᠨ ᠤ ᠪᠠᠲᠤᠯᠠᠭ᠎ᠠ ᠶᠢᠨ ᠵᠠᠭᠪᠤᠷ ᠢ ᠪᠣᠶ ᠪᠣᠯᠭᠠᠨ᠎ᠠ᠃ ᠲᠥᠪ ᠤᠨ ᠳᠡᠭᠡᠳᠦ ᠲᠤᠤᠷᠠᠳᠤ ᠱᠠᠳᠤ ᠪᠠᠷ ᠢᠶᠠᠨ | ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ ᠬᠦᠰᠡᠵᠦ | ᠪᠠᠶᠢᠭ᠎ᠠ ᠪᠠ ᠠᠩᠬᠠᠷᠴᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠴᠡᠷᠢᠭ ᠤᠨ ᠠᠮᠠᠷᠠᠯᠲᠠ ᠶᠢᠨ | ᠺᠠᠳ᠋ᠷᠴᠤᠳ ᠤᠨ ᠦᠢᠯᠡᠴᠢᠯᠡᠭᠡ ᠪᠠᠲᠤᠯᠠᠭ᠎ᠠ ᠶᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠬᠢᠵᠦ᠂ ᠴᠡᠷᠢᠭ ᠤᠨ | ᠠᠮᠠᠷᠠᠯᠲᠠ ᠶᠢᠨ ᠠᠵᠢᠯ ᠢ ᠨᠡᠩ ᠨᠠᠷᠢᠨ ᠨᠡᠩ ᠪᠣᠳᠠᠲᠠᠢ ᠨᠡᠩ ᠰᠠᠶᠢᠨ ᠬᠢᠬᠦ ᠪᠠᠷ ᠴᠢᠷᠮᠠᠶᠢᠵᠤ᠂ ᠣᠷᠣᠨ ᠤ ᠲᠥᠪ | ᠬᠤᠲᠠ ᠶᠢᠨ ᠵᠣᠯ ᠵᠢᠷᠭᠠᠯᠲᠤ ᠴᠡᠷᠢᠭ ᠤᠨ ᠠᠮᠠᠷᠠᠯᠲᠠ ᠶᠢᠨ ᠭᠡᠷ ᠣᠷᠣᠨ ᠢ ᠴᠢᠷᠮᠠᠶᠢᠨ ᠪᠠᠶᠢᠭᠤᠯᠵᠤ᠂ ᠪᠦᠬᠦ | ᠬᠤᠳᠠ ᠶᠢᠨ ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ ᠬᠠᠷᠢᠶᠠᠯᠠᠭᠳᠠᠬᠤ ᠲᠦᠷᠦᠭᠳᠡᠯ᠂ ᠬᠦᠷᠲᠡᠮᠵᠢ ᠶᠢᠨ | ᠲᠦᠷᠦᠭᠳᠡᠯ᠂ ᠢᠷᠠᠭᠤ ᠠᠯᠳᠠᠷ ᠤᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠢ ᠪᠦᠲᠦᠮᠵᠢᠲᠡᠢ ᠨᠡᠮᠡᠭᠳᠡᠭᠦᠯᠬᠦ | ᠬᠡᠷᠡᠭᠲᠡᠢ᠃ | 4. ᠬᠥᠲᠥᠯᠥᠭᠴᠢ | ᠳᠠᠷᠠᠭᠠᠴᠢ ᠶᠢᠨ ᠠᠯᠬᠤᠮ ᠳᠤ ᠪᠠᠰᠠ ᠶᠠᠮᠠᠷ ᠠᠵᠢᠯ ᠤᠨ ᠲᠥᠯᠥᠪᠯᠡᠭᠡ ᠪᠠᠶᠢᠬᠤ ᠪᠤᠢ︖ | 5. ᠬᠥᠬᠡᠬᠤᠲᠠ ᠶᠢᠨ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ | ᠺᠠᠳ᠋ᠷᠴᠤᠳ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠴᠢᠶᠧ ᠬᠠᠶ ᠮᠢᠩ | ᠨᠢᠭᠡ ᠳᠤ᠂ ᠬᠤᠶᠠᠳᠤᠭᠠᠷ ᠪᠦᠯᠦᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ | ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ | ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ᠶᠡᠷᠦᠩᠬᠡᠢ ᠱᠠᠭᠠᠷᠳᠠᠯᠭ᠎ᠠ ᠲᠠᠢ ᠨᠢᠭᠲᠠ | ᠤᠶᠠᠯᠳᠤᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ᠂ ᠣᠶᠢᠯᠠᠭᠠᠬᠤ ᠢᠲᠡᠭᠡᠬᠦ ᠠᠵᠢᠯᠯᠠᠬᠤ ᠶᠢ ᠨᠢᠭᠡᠳᠦᠯᠲᠡᠢ | ᠪᠠᠶᠢᠯᠭᠠᠬᠤ ᠶᠢ ᠪᠠᠷᠢᠮᠲᠠᠯᠠᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠵᠡᠷᠭᠡ ᠶᠢ ᠥᠷᠨᠢᠭᠦᠯᠬᠦ ᠪᠠᠷ | ᠪᠤᠢ᠃ ᠺᠠᠳ᠋ᠷ ᠠᠵᠢᠯᠳᠠᠨ ᠠᠵᠢᠯᠴᠢᠨ᠂ ᠴᠡᠷᠢᠭ ᠤᠨ ᠠᠮᠠᠷᠠᠯᠲᠠ ᠶᠢᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠣᠯᠪᠠᠰᠤᠷᠠᠭᠤᠯᠤᠯ ᠢ ᠥᠷᠨᠢᠭᠦᠯᠵᠦ᠂ | ᠬᠤᠯᠪᠣᠭᠳᠠᠯ ᠪᠦᠬᠦᠢ ᠨᠢᠭᠡᠴᠢ ᠲᠠᠢ ᠬᠤᠯᠪᠣᠭᠠᠯᠠᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ | ᠬᠠᠮᠲᠤ ᠪᠠᠷ ᠥᠷᠨᠢᠭᠦᠯᠦᠨ᠎ᠡ᠃ ᠬᠤᠶᠠᠷ ᠲᠤ ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ ᠦᠢᠯᠡᠴᠢᠯᠡᠭᠡ | ᠪᠠᠲᠤᠯᠠᠭ᠎ᠠ ᠶᠢᠨ ᠬᠠᠩᠭᠠᠯᠭ᠎ᠠ ᠶᠢ ᠥᠷᠭᠡᠳᠬᠡᠵᠦ᠂ ᠴᠡᠷᠢᠭ ᠤᠨ ᠠᠮᠠᠷᠠᠯᠲᠠ ᠶᠢᠨ ᠺᠠᠳ᠋ᠷᠴᠤᠳ᠂ ᠢᠯᠠᠩᠭᠤᠶ᠎ᠠ | ᠴᠢᠳᠠᠪᠤᠷᠢ ᠪᠠᠨ ᠠᠯᠳᠠᠭᠰᠠᠨ᠂ ᠤᠶᠤᠨ ᠤᠬᠠᠭᠠᠨ ᠢᠶᠠᠨ ᠠᠯᠳᠠᠭᠰᠠᠨ᠂ ᠭᠠᠭᠴᠠᠭᠠᠷ ᠰᠠᠭᠤᠭᠰᠠᠨ᠂ ᠭᠡᠷ ᠲᠡᠭᠡᠨ | ᠬᠤᠴᠣᠷᠤᠭᠰᠠᠨ ᠵᠡᠷᠭᠡ ᠭᠤᠣᠯᠳᠠᠯᠭ᠎ᠠ ᠲᠠᠢ ᠬᠥᠮᠦᠰ ᠲᠤ ᠡᠩ ᠲᠡᠷᠢᠭᠦᠨ ᠳᠤ ᠬᠠᠷᠠᠭᠠᠯᠵᠠᠯ ᠦᠵᠡᠭᠦᠯᠵᠦ᠂ ᠡᠳᠦᠷ | ᠲᠤᠳᠤᠮ ᠤᠨ ᠬᠠᠷᠠᠭᠠᠯᠵᠠᠯ᠂ ᠣᠬᠤᠷ ᠬᠤᠭᠤᠴᠠᠭᠠᠨ ᠤ ᠨᠠᠶᠢᠳᠠᠨ ᠠᠰᠠᠷᠠᠭᠤᠯᠬᠤ ᠵᠡᠷᠭᠡ ᠤᠯᠠᠨ ᠡᠰᠢᠵᠢᠭᠰᠡᠨ᠂ | ᠲᠤᠰᠬᠠᠶᠢᠵᠢᠭᠰᠠᠨ ᠦᠢᠯᠡᠴᠢᠯᠡᠭᠡ ᠬᠠᠩᠭᠠᠵᠤ᠂ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠨᠠᠰᠤᠵᠢᠯ ᠤᠨ | ᠠᠰᠠᠷᠠᠮᠵᠢ ᠶᠢᠨ ᠰᠠᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠤᠯᠪᠣᠭᠳᠠᠭᠤᠯᠤᠨ ᠵᠣᠯᠭᠠᠭᠤᠯᠵᠤ᠂ | ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠵᠡᠷᠭᠡ ᠶᠢ ᠭᠦᠨᠵᠡᠭᠡᠶᠢᠷᠡᠭᠦᠯᠵᠦ᠂ ᠨᠡᠶᠢᠭᠡᠮᠴᠢᠯᠡᠭᠰᠡᠨ | ᠦᠢᠯᠡᠴᠢᠯᠡᠭᠡ ᠶᠢ ᠤᠯᠠᠮ ᠴᠢᠨᠠᠭᠰᠢᠳᠠ ᠥᠷᠭᠡᠳᠬᠡᠨ᠎ᠡ᠃ ᠭᠤᠷᠪᠠ ᠳᠤ᠂ ᠴᠡᠷᠢᠭ ᠤᠨ ᠠᠮᠠᠷᠠᠯᠲᠠ ᠶᠢᠨ ᠺᠠᠳ᠋ᠷᠴᠤᠳ ᠢ | ᠵᠣᠬᠢᠶᠠᠨ ᠪᠠᠶᠢᠭᠤᠯᠤᠨ ︽ᠨᠠᠮ ᠤᠨ ᠬᠤᠷᠢᠳᠤᠭᠠᠷ ᠶᠡᠭᠡ ᠬᠤᠷᠠᠯ ᠢ ᠲᠤᠭᠤᠰᠢᠯᠠᠭᠤᠯᠵᠤ᠂ ᠡᠷᠡᠭᠦᠯ ᠮᠡᠨᠳᠦ | ᠰᠡᠯᠡᠭᠦᠴᠡᠯ ᠤᠨ ᠨᠠᠶᠢᠷ︾ ᠭᠡᠬᠦ ᠬᠤᠪᠢᠰᠬᠠᠯᠲᠤ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠦᠨ᠎ᠡ᠃ | ᠪᠠᠭᠴᠠᠯᠠᠭᠠᠳ ᠬᠡᠯᠡᠪᠡᠯ᠂ ᠮᠠᠨ ᠤ ᠬᠤᠲᠠ ᠶᠢᠨ ᠴᠡᠷᠢᠭ ᠤᠨ ᠠᠮᠠᠷᠠᠯᠲᠠ ᠶᠢᠨ ᠲᠥᠪ ᠨᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠯᠠᠮ | ᠨᠢᠭᠡ ᠠᠯᠬᠤᠮ ᠵᠢᠯᠣᠭᠤᠳᠣᠯᠭ᠎ᠠ ᠪᠣᠯᠭᠠᠵᠤ᠂ ᠦᠢᠯᠡᠴᠢᠯᠡᠭᠡᠨ ᠤ ᠣᠶᠢᠯᠠᠭᠠᠭᠳᠠᠬᠤᠨ ᠤ ᠰᠢᠨ᠎ᠡ ᠶᠢ ᠡᠭᠦᠳᠴᠦ᠂ | ᠦᠢᠯᠡᠴᠢᠯᠡᠭᠡᠨ ᠤ ᠠᠷᠭ᠎ᠠ ᠵᠠᠮ ᠢ ᠬᠠᠶᠢᠨ ᠰᠦᠪᠡᠭᠴᠢᠯᠡᠵᠦ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠪᠠᠨ | ᠳᠡᠭᠡᠭᠰᠢᠯᠡᠭᠦᠯᠦᠨ᠂ ᠣᠷᠣᠨ ᠤ ᠲᠥᠪ ᠬᠤᠲᠠ ᠶᠢᠨ ᠴᠡᠷᠢᠭ ᠤᠨ ᠠᠮᠠᠷᠠᠯᠲᠠ ᠶᠢᠨ ᠰᠢᠨ᠎ᠡ ᠬᠥᠭᠵᠢᠯᠲᠡ ᠶᠢ | ᠠᠬᠢᠭᠤᠯᠵᠤ᠂ ᠣᠷᠣᠨ ᠤ ᠲᠥᠪ ᠬᠤᠲᠠ ᠶᠢᠨ ᠴᠡᠷᠢᠭ ᠤᠨ ᠠᠮᠠᠷᠠᠯᠲᠠ ᠶᠢᠨ ᠰᠢᠨ᠎ᠡ ᠳᠦᠷᠢ ᠲᠥᠷᠬᠦ ᠶᠢ ᠢᠯᠡᠷᠡᠭᠦᠯᠬᠦ | ᠪᠣᠯᠤᠨ᠎ᠠ᠃ | 6. ᠬᠥᠲᠥᠯᠥᠭᠴᠢ | ᠪᠢᠳᠡ ᠨᠡᠶᠢᠭᠡᠮ ᠤᠨ ᠬᠦᠴᠦᠨ ᠢ ᠬᠡᠷᠬᠢᠨ ᠣᠷᠣᠭᠤᠯᠤᠨ ᠠᠪᠴᠢᠷᠠᠵᠤ᠂ ᠨᠡᠶᠢᠭᠡᠮᠴᠢᠯᠡᠭᠰᠡᠨ ᠦᠢᠯᠡᠴᠢᠯᠡᠭᠡ ᠶᠢ | ᠬᠡᠷᠬᠢᠨ ᠥᠷᠭᠡᠳᠬᠡᠭᠰᠡᠨ ᠪᠣᠳᠠᠲᠠᠶ ᠠᠷᠭ᠎ᠠ ᠶᠢ ᠲᠠ ᠲᠠᠨᠢᠯᠴᠠᠭᠤᠯᠤᠭᠠᠷᠠᠢ᠃ | 7. ᠬᠥᠬᠡᠬᠤᠲᠠ ᠶᠢᠨ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ | ᠺᠠᠳ᠋ᠷᠴᠤᠳ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠵᠠᠩ ᠸᠧᠨ ᠯᠢ | | | | | ᠮᠠᠨ ᠤ ᠲᠥᠪ ᠬᠡᠷᠡᠭᠴᠡᠭᠡ ᠪᠠᠨ ᠦᠨᠳᠦᠰᠦᠯᠡᠨ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠰᠠᠶᠢᠨ | ᠳᠤᠷ᠎ᠠ ᠶᠢᠨ ᠦᠢᠯᠡᠴᠢᠯᠡᠭᠡ ᠵᠡᠷᠭᠡ ᠲᠠᠯ᠎ᠠ ᠶᠢᠨ ᠬᠦᠴᠦᠨ ᠢ ᠣᠷᠣᠭᠤᠯᠤᠨ ᠠᠪᠴᠢᠷᠠᠵᠤ᠂ ᠴᠡᠷᠢᠭ ᠤᠨ ᠠᠮᠠᠷᠠᠯᠲᠠ ᠶᠢᠨ | ᠺᠠᠳ᠋ᠷᠴᠤᠳ ᠲᠤ ᠣᠯᠠᠨ ᠡᠰᠢᠲᠦ ᠦᠢᠯᠡᠴᠢᠯᠡᠭᠡ ᠬᠠᠩᠭᠠᠪᠠ᠃ ᠡᠨᠡ ᠨᠢ ᠭᠤᠣᠯᠳᠠᠭᠤ ᠳᠡᠭᠡᠳᠦ ᠱᠠᠲᠤᠨ ᠤ ᠬᠢᠨ ᠲᠠᠢ | ᠬᠤᠯᠪᠣᠭᠠᠯᠠᠬᠤ᠂ ᠨᠡᠶᠢᠭᠡᠮ ᠲᠣᠭᠤᠷᠢᠭ ᠤᠨ ᠬᠢᠨ ᠲᠠᠢ ᠬᠤᠯᠪᠣᠭᠠᠯᠠᠬᠤ᠂ ᠠᠵᠤ ᠠᠬᠤᠶᠢᠯᠠᠯ ᠤᠨ ᠬᠢᠨ ᠲᠠᠢ | ᠬᠤᠯᠪᠣᠭᠠᠯᠠᠬᠤ᠂ ᠡᠮᠨᠡᠯᠭᠡ ᠶᠢᠨ ᠬᠤᠷᠢᠶ᠎ᠠ ᠲᠠᠢ ᠬᠤᠯᠪᠣᠭᠠᠯᠠᠬᠤ ᠳᠤ ᠢᠯᠡᠷᠡᠵᠦ ᠪᠠᠶᠢᠨ᠎ᠠ᠃ | ᠳᠡᠭᠡᠳᠦ ᠱᠠᠲᠤ ᠲᠠᠢ ᠬᠤᠯᠪᠣᠭᠠᠯᠠᠬᠤ᠄ ᠦᠢᠯᠡᠴᠢᠯᠡᠭᠡᠨ ᠤ ᠠᠷᠭ᠎ᠠ ᠵᠠᠮ ᠢ ᠤᠯᠠᠮ ᠨᠢᠭᠡ ᠠᠯᠬᠤᠮ | ᠥᠷᠭᠡᠳᠬᠡᠵᠦ᠂ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠤᠷᠲᠤᠳᠬᠠᠬᠤ ᠶᠢᠨ ᠲᠥᠯᠥᠭᠡ ᠶᠤᠮ᠃ ᠥᠪᠡᠷᠲᠡᠭᠡᠨ | ᠵᠠᠰᠠᠬᠤ ᠣᠷᠣᠨ ᠤ ᠴᠡᠷᠢᠭ ᠤᠨ ᠠᠮᠠᠷᠠᠯᠲᠠ ᠶᠢᠨ ᠲᠥᠪ ᠪᠣᠯᠤᠨ ᠬᠥᠬᠡᠬᠤᠲᠠ ᠶᠢᠨ ᠴᠡᠷᠢᠭ ᠤᠨ ᠠᠮᠠᠷᠠᠯᠲᠠ ᠶᠢᠨ | ᠲᠥᠪ ᠬᠠᠮᠲᠤᠷᠠᠨ ᠲᠢᠩᠬᠢᠮ ᠬᠤᠲᠠ ᠶᠢᠨ ᠬᠠᠮᠲᠤ ᠪᠠᠷ ᠪᠠᠶᠢᠭᠤᠯᠬᠤ ᠦᠢᠯᠡᠴᠢᠯᠡᠭᠡᠨ ᠤ ᠲᠥᠷᠥᠯ ᠵᠦᠢᠯ ᠢ ᠪᠣᠶ | ᠪᠣᠯᠭᠠᠵᠤ᠂ ᠬᠥᠬᠡᠬᠤᠲᠠ ᠶᠢᠨ ᠴᠡᠷᠢᠭ ᠤᠨ ᠠᠮᠠᠷᠠᠯᠲᠠ ᠶᠢᠨ ᠲᠥᠪ ᠤᠨ ᠨᠢᠭᠡᠳᠦᠭᠡᠷ ᠦᠢᠯᠡᠴᠢᠯᠡᠭᠡᠨ ᠤ | ᠥᠷᠲᠡᠭᠡ ᠠᠴᠠ ᠨᠢᠭᠡ ᠠᠴᠠ ᠳᠥᠷᠪᠡᠳᠦᠭᠡᠷ ᠳᠠᠪᠬᠤᠷᠯᠢᠭ ᠤᠨ ᠨᠡᠶᠢᠲᠡ 1863.76 ᠲᠡᠭᠰᠢ ᠳᠥᠷᠪᠡᠯᠵᠢᠨ | ᠮᠧᠲᠷ ᠤᠨ ᠲᠥᠷᠥᠯ ᠵᠦᠢᠯ ᠢ ᠥᠭᠡᠷᠡᠴᠢᠯᠡᠬᠦ ᠳᠤ ᠬᠡᠷᠡᠭᠯᠡᠬᠦ ᠬᠡᠷ ᠪᠣᠯᠭᠠᠵᠤ᠂ ᠰᠢᠲᠠᠷ᠎ᠠ ᠶᠢᠨ ᠫᠠᠢ ᠶᠢᠨ ᠥᠷᠥᠭᠡ᠂ | ᠴᠢᠴᠢᠭᠦᠷ ᠪᠥᠮᠪᠦᠭᠡ ᠶᠢᠨ ᠥᠷᠥᠭᠡ᠂ ᠪᠡᠶ᠎ᠡ ᠴᠢᠭᠢᠷᠠᠭᠵᠢᠭᠤᠯᠬᠤ ᠲᠣᠭᠤᠷᠢᠭ᠂ ᠠᠮᠠᠷᠠᠵᠤ ᠬᠦᠯᠢᠶᠡᠬᠦ ᠲᠣᠭᠤᠷᠢᠭ᠂ | ᠠᠵᠢᠯᠯᠠᠬᠤ ᠲᠣᠭᠤᠷᠢᠭ ᠵᠡᠷᠭᠡ ᠶᠢ ᠲᠤᠬᠢᠷᠠᠭᠤᠯᠪᠠ᠃ ᠣᠳᠣᠬᠠᠨ ᠳᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ | ᠨᠢᠭᠡᠨᠲᠡ ᠳᠠᠭᠤᠰᠴᠤ᠂ ᠬᠥᠬᠡᠬᠤᠲᠠ ᠶᠢᠨ ᠨᠣᠮ ᠤᠨ ᠰᠠᠩ ᠲᠠᠢ ᠵᠣᠯᠭᠠᠭᠤᠯᠵᠤ᠂ ︽ᠬᠤᠨ ᠭᠠᠯᠠᠭᠤ ᠨᠣᠮ ᠤᠨ | ᠥᠷᠥᠭᠡ︾ ᠶᠢ ᠣᠷᠣᠭᠤᠯᠤᠨ ᠠᠪᠴᠢᠷᠠᠵᠤ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ︽ᠦᠲᠡᠯᠦᠭᠡ | ᠨᠠᠰᠤᠨ ᠳᠤ ᠪᠠᠨ ᠰᠤᠷᠤᠯᠴᠠᠬᠤ ᠵᠦᠢᠯ ᠲᠠᠢ ᠪᠣᠯᠬᠤ︾ ᠣᠶᠤᠨ ᠰᠠᠨᠠᠭᠠᠨ ᠤ ᠬᠡᠷᠡᠭᠴᠡᠭᠡ ᠶᠢ ᠤᠯᠠᠮ ᠨᠢᠭᠡ ᠠᠯᠬᠤᠮ | ᠬᠠᠩᠭᠠᠬᠤ ᠪᠠᠷ ᠪᠠᠶᠢᠨ᠎ᠠ᠃ | ᠨᠡᠶᠢᠭᠡᠮ ᠲᠣᠭᠤᠷᠢᠭ ᠲᠠᠢ ᠬᠤᠯᠪᠣᠭᠠᠯᠠᠬᠤ᠄ ︽ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠶᠠᠮᠤᠨ ᠵᠡᠷᠭᠡ 6 ᠰᠠᠯᠠᠭ᠎ᠠ ᠮᠥᠴᠢᠷ ᠤᠨ ᠵᠠᠰᠠᠭ ᠤᠨ ᠣᠷᠳᠣᠨ ᠳᠤ ᠰᠢᠯᠵᠢᠭᠦᠯᠦᠨ ᠲᠤᠰᠢᠶᠠᠵᠤ ᠲᠥᠪᠬᠢᠨᠡᠭᠦᠯᠦᠭᠰᠡᠨ | ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ ᠺᠠᠳ᠋ᠷᠴᠤᠳ ᠤᠨ ᠦᠢᠯᠡᠴᠢᠯᠡᠭᠡᠨ ᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠮᠡᠳᠡᠭᠳᠡᠯ︾ ︵ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠶᠠᠮᠤᠨ ﹇2020﹈ 56 ᠳ᠋ᠤᠭᠠᠷ ᠲᠣᠭᠠᠲᠤ︶᠂ ︽ᠵᠠᠰᠠᠭ ᠤᠨ | ᠣᠷᠳᠣᠨ ᠠᠴᠠ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠪᠠ ᠬᠤᠭᠤᠯᠠ ᠤᠮᠳᠠ ᠶᠢ ᠲᠤᠰᠠᠯᠠᠬᠤ | ᠦᠢᠯᠡᠴᠢᠯᠡᠭᠡ ᠶᠢ ᠬᠤᠳᠠᠯᠳᠤᠨ ᠠᠪᠬᠤ ᠶᠢ ᠲᠦᠷᠭᠡᠳᠬᠡᠨ ᠠᠬᠢᠭᠤᠯᠬᠤ ᠲᠤᠬᠠᠶ ᠬᠥᠬᠡᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ | ᠴᠡᠷᠢᠭ ᠤᠨ ᠠᠮᠠᠷᠠᠯᠲᠠ ᠶᠢᠨ ᠲᠥᠪ ᠨᠢ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠦᠩ ᠹᠧᠩ ᠵᠠᠮ ᠤᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠨᠠᠰᠤᠲᠠᠶᠢᠴᠤᠳ ᠲᠤ ᠦᠢᠯᠡᠴᠢᠯᠡᠬᠦ ᠲᠦᠷᠦᠯ ᠵᠦᠢᠯ ᠤᠨ | ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠴᠡᠷᠢᠭ ᠤᠨ ᠠᠮᠠᠷᠠᠯᠲᠠ ᠶᠢᠨ ᠲᠥᠪ ᠠᠴᠠ ᠲᠡᠳᠡᠨ ᠳᠤ 1228 | ᠲᠡᠭᠰᠢ ᠳᠥᠷᠪᠡᠯᠵᠢᠨ ᠮᠧᠲᠷ ᠤᠨ ᠦᠢᠯᠡᠴᠢᠯᠡᠭᠡᠨ ᠤ ᠬᠡᠷ ᠪᠠᠶᠢᠰᠢᠩ ᠬᠠᠩᠭᠠᠵᠤ᠂ ᠬᠠᠷᠢᠶᠠᠲᠤ ᠣᠷᠣᠨ ᠤ ᠴᠡᠷᠢᠭ ᠤᠨ | ᠠᠮᠠᠷᠠᠯᠲᠠ ᠶᠢᠨ ᠺᠠᠳ᠋ᠷᠴᠤᠳ ᠤᠨ ᠬᠤᠭᠤᠯᠠ ᠢᠳᠡᠬᠦ ᠳᠤ ᠬᠦᠴᠢᠷ᠂ ᠡᠮᠨᠡᠭᠦᠯᠬᠦ ᠳᠤ ᠬᠦᠴᠢᠷ᠂ ᠠᠮᠢᠳᠤᠷᠠᠯ ᠢ | ᠬᠠᠷᠠᠭᠠᠯᠵᠠᠨ ᠠᠰᠠᠷᠠᠬᠤ ᠳᠤ ᠬᠦᠴᠢᠷ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠬᠡᠷᠡᠭᠯᠡᠵᠦ᠂ ᠣᠳᠣᠬᠠᠨ ᠳᠤ ᠪᠣᠶ | ᠪᠥᠬᠦᠶ ᠴᠢᠳᠠᠮᠵᠢᠳᠤ ᠣᠷᠣᠨ ᠪᠦᠰᠡ ᠶᠢ ᠨᠢᠭᠡᠨᠲᠡ ᠪᠠᠶᠢᠭᠤᠯᠵᠤ ᠳᠠᠭᠤᠰᠬᠠᠭᠰᠠᠨ ᠪᠥᠭᠡᠳ ᠠᠰᠢᠭᠯᠠᠯᠲᠠ ᠳᠤ | ᠣᠷᠣᠭᠤᠯᠪᠠ᠃ | ᠠᠵᠤ ᠠᠬᠤᠶᠢᠯᠠᠯ ᠲᠠᠢ ᠬᠤᠯᠪᠤᠭᠠᠯᠠᠬᠤ᠄ ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ ᠬᠦᠨᠳᠦᠳᠬᠡᠬᠦ | ᠰᠡᠳᠬᠢᠯᠭᠡ ᠶᠢ ᠪᠥᠬᠦ ᠲᠠᠯ᠎ᠠ ᠪᠠᠷ ᠢᠯᠡᠷᠡᠭᠦᠯᠵᠦ᠂ ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ ᠪᠠᠩᠬᠢ ᠳᠤ | ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ | ᠪᠠᠩᠬᠢ ᠲᠠᠢ ᠵᠥᠪᠳᠡᠯᠴᠡᠬᠦ ᠪᠠᠷ ᠳᠠᠮᠵᠢᠭᠤᠯᠤᠨ᠂ ᠵᠢᠭᠠᠨ ᠲᠣᠭᠲᠠᠭᠠᠭᠰᠠᠨ ᠲᠣᠤᠷ ᠴᠡᠭ ᠲᠤ ᠴᠡᠷᠢᠭ ᠤᠨ | ᠠᠮᠠᠷᠠᠯᠲᠠ ᠶᠢᠨ ᠺᠠᠳ᠋ᠷᠴᠤᠳ ᠤᠨ ᠲᠤᠰᠬᠠᠶ ᠴᠣᠩᠬᠤ ᠶᠢ ᠨᠡᠭᠡᠭᠡᠪᠡ᠃ ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ | ᠨᠠᠰᠤ ᠠᠬᠠᠰᠢᠷᠠᠭᠰᠠᠨ᠂ ᠬᠥᠳᠡᠯᠵᠦ ᠪᠠᠷᠢᠬᠤ ᠳᠤ ᠳᠥᠭᠦᠮ ᠦᠭᠡᠢ ᠪᠠᠶᠢᠭ᠎ᠠ ᠪᠠᠶᠢᠳᠠᠯ ᠢ ᠦᠨᠳᠦᠰᠦᠯᠡᠨ᠂ ᠭᠤᠣᠯ | ᠰᠡᠳᠦᠪᠲᠦ ᠰᠤᠷᠭᠠᠨ ᠬᠥᠮᠦᠵᠢᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠴᠡᠷᠢᠭ ᠤᠨ ᠠᠮᠠᠷᠠᠯᠲᠠ ᠶᠢᠨ | ᠺᠠᠳ᠋ᠷᠴᠤᠳ ᠲᠤ ᠦᠨᠡᠨ ᠬᠦ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ ᠳᠤᠮᠳᠠᠳᠤ ᠤᠯᠤᠰ ᠤᠨ ᠪᠠᠩᠬᠢ ᠶᠢᠨ | ᠠᠵᠢᠯᠲᠠᠳ ᠤᠨ ᠦᠢᠯᠡᠴᠢᠯᠡᠭᠡᠨ ᠤ ᠥᠷᠲᠡᠭᠡᠨ ᠳᠤ ᠨᠡᠶᠢᠭᠡᠮ ᠤᠨ ᠳᠠᠭᠠᠳᠬᠠᠯ ᠤᠨ ᠺᠠᠷᠲ ᠭᠠᠷᠭᠠᠵᠤ ᠲᠤᠰᠬᠠᠶ | ᠲᠠᠯᠠᠪᠤᠷ ᠰᠣᠯᠢᠵᠤ ᠥᠭᠬᠦ ᠶᠠᠪᠤᠳᠠᠯ ᠢ ᠵᠣᠬᠢᠴᠠᠭᠤᠯᠵᠤ᠂ ᠴᠡᠷᠢᠭ ᠤᠨ ᠠᠮᠠᠷᠠᠯᠲᠠ ᠶᠢᠨ 149 ᠺᠠᠳ᠋ᠷᠴᠤᠳ ᠲᠤ | ᠭᠤᠷᠪᠠᠳᠤᠭᠠᠷ ᠦᠶ᠎ᠡ ᠶᠢᠨ ᠨᠡᠶᠢᠭᠡᠮ ᠤᠨ ᠳᠠᠭᠠᠳᠬᠠᠯ ᠤᠨ ᠺᠠᠷᠲ ᠢ ᠰᠣᠯᠢᠵᠤ ᠥᠭᠭᠦᠭᠡᠳ᠂ ᠴᠡᠷᠢᠭ ᠤᠨ | ᠠᠮᠠᠷᠠᠯᠲᠠ ᠶᠢᠨ ᠺᠠᠳ᠋ᠷᠴᠤᠳ ᠤᠨ ᠭᠠᠴᠢᠭᠳᠠᠵᠤ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠡᠢ᠃ ᠴᠡᠷᠢᠭ ᠠᠴᠠ | ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ ᠢ ᠭᠦᠢᠴᠡᠳᠭᠡᠵᠦ ᠡᠬᠢᠯᠡᠭᠰᠡᠨ ᠤ ᠳᠠᠷᠠᠭ᠎ᠠ᠂ ᠰᠢᠤᠳᠠᠨ ᠤ | ᠬᠠᠳᠠᠭᠠᠯᠠᠮᠵᠢ ᠶᠢᠨ ᠪᠠᠩᠬᠢ ᠶᠢᠨ ᠠᠵᠢᠯᠲᠠᠨ ᠲᠠᠢ ᠵᠣᠯᠭᠠᠭᠤᠯᠤᠨ ᠡᠯ᠎ᠡ ᠦᠢᠯᠡᠴᠢᠯᠡᠭᠡᠨ ᠤ ᠥᠷᠲᠡᠭᠡ ᠳᠤ | ᠭᠦᠨᠵᠡᠭᠡᠶᠢᠷᠡᠨ ᠲᠤᠬᠠᠶ ᠶᠢᠨ ᠲᠠᠯᠠᠪᠤᠷ ᠲᠤ ᠠᠵᠢᠯᠯᠠᠵᠤ᠂ ᠠᠵᠢᠯᠯᠠᠭ᠎ᠠ ᠨᠢ ᠬᠦᠴᠢᠷᠲᠡᠶ ᠣᠨᠴᠠ ᠵᠠᠷᠢᠮ ᠬᠥᠮᠦᠰ ᠲᠤ | ᠡᠷᠦᠬᠡ ᠳᠤ ᠬᠦᠷᠴᠦ ᠭᠦᠢᠴᠡᠳᠭᠡᠬᠦ ᠬᠡᠯᠪᠡᠷᠢ ᠪᠠᠷ ᠮᠡᠳᠡᠭᠡ ᠵᠠᠩᠭᠢ ᠴᠤᠭᠯᠠᠭᠤᠯᠬᠤ ᠶᠢ ᠪᠡᠶᠡᠯᠡᠭᠦᠯᠵᠦ᠂ ᠣᠳᠣᠬᠠᠨ ᠳᠤ | ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ ᠬᠠᠷᠠᠭᠠᠯᠵᠠᠯ ᠤᠨ ᠦᠨᠡᠮᠯᠡᠯ ᠢ ᠭᠦᠢᠴᠡᠳᠭᠡᠭᠰᠡᠨ ᠨᠣᠷᠮ᠎ᠠ 92% ᠠᠴᠠ | ᠳᠡᠭᠡᠭᠰᠢ ᠳᠤ ᠬᠦᠷᠴᠡᠶ᠃ | ᠡᠮᠨᠡᠯᠭᠡ ᠶᠢᠨ ᠬᠤᠷᠢᠶ᠎ᠠ ᠲᠠᠢ ᠬᠤᠯᠪᠤᠭᠠᠯᠠᠬᠤ᠄ ᠴᠡᠷᠢᠭ ᠤᠨ ᠠᠮᠠᠷᠠᠯᠲᠠ ᠶᠢᠨ ᠲᠥᠪ ᠤᠨ ᠬᠢᠨ ᠤᠳᠠᠭ᠎ᠠ ᠪᠦᠷᠢ | ᠭᠠᠳᠠᠭᠰᠢ ᠭᠠᠷᠴᠤ ᠲᠣᠭᠤᠷᠢᠨ ᠦᠵᠡᠬᠦ᠂ ᠰᠤᠷᠤᠯᠴᠠᠬᠤ ᠶᠢ ᠵᠣᠬᠢᠶᠠᠨ ᠪᠠᠶᠢᠭᠤᠯᠬᠤ ᠳᠠᠭᠠᠨ ᠴᠥᠮ ᠥᠪᠥᠷ | ᠮᠣᠩᠭᠤᠯ ᠤᠨ ᠠᠶ ᠮᠢᠩ ᠡᠮᠨᠡᠯᠭᠡ ᠶᠢᠨ ᠬᠤᠷᠢᠶ᠎ᠠ ᠶᠢ ᠵᠣᠬᠢᠴᠠᠭᠤᠯᠵᠤ ᠪᠠᠶᠢᠭᠠᠳ ᠠᠩᠭᠢ ᠳᠠᠭᠠᠭᠰᠠᠨ ᠡᠮᠴᠢ | ᠰᠤᠪᠢᠯᠠᠭᠴᠢ ᠶᠢ ᠲᠣᠮᠢᠯᠠᠵᠤ ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ ᠡᠷᠡᠭᠦᠯ ᠮᠡᠨᠳᠦ ᠪᠠ ᠠᠮᠤᠷ ᠲᠦᠪᠰᠢᠨ ᠢ | ᠬᠠᠮᠠᠭᠠᠯᠠᠳᠠᠭ᠃ ᠡᠨᠡ ᠵᠢᠯ ᠤᠨ 4 ᠳ᠋ᠤᠭᠡᠷ ᠰᠠᠷ᠎ᠠ ᠳᠤ᠂ ᠥᠪᠥᠷ ᠮᠣᠩᠭᠤᠯ ᠤᠨ ᠠᠶ ᠮᠢᠩ ᠡᠮᠨᠡᠯᠭᠡ ᠶᠢᠨ ᠬᠤᠷᠢᠶ᠎ᠠ | ᠪᠣᠯᠤᠨ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ | ᠰᠢᠩᠭᠡᠭᠡᠯᠲᠡ ᠶᠢᠨ ᠳᠣᠲᠣᠷ ᠰᠠᠯᠠᠭ᠎ᠠ ᠲᠠᠢ ᠬᠤᠯᠪᠣᠭᠠᠯᠠᠨ ︽ᠡᠮᠴᠢ ᠥᠷᠥᠰᠢᠶᠡᠩᠭᠦᠶ ᠰᠡᠳᠬᠢᠯ ᠲᠠᠢ ᠪᠠᠶᠢᠵᠤ᠂ | ᠠᠬᠠᠮᠠᠳ ᠴᠡᠷᠢᠭ ᠤᠨ ᠬᠤᠳᠣᠭᠤᠳᠣᠨ ᠤ ᠡᠷᠡᠭᠦᠯ ᠮᠡᠨᠳᠦ ᠶᠢ ᠬᠠᠮᠠᠭᠠᠯᠠᠬᠤ︾ ᠠᠵᠢᠯᠯᠠᠭ᠎ᠠ ᠥᠷᠨᠢᠭᠦᠯᠵᠦ᠂ | ᠴᠡᠷᠢᠭ ᠤᠨ ᠠᠮᠠᠷᠠᠯᠲᠠ ᠶᠢᠨ ᠺᠠᠳ᠋ᠷᠴᠤᠳ ᠲᠤ ᠬᠡᠷᠬᠢᠨ ᠬᠤᠳᠣᠭᠤᠳᠣ ᠪᠠᠨ ᠰᠤᠪᠢᠯᠠᠬᠤ᠂ ᠬᠤᠳᠣᠭᠤᠳᠣ ᠪᠠᠨ | ᠬᠠᠮᠠᠭᠠᠯᠠᠬᠤ ᠵᠢᠴᠢ ᠬᠤᠯᠪᠣᠭᠳᠠᠯ ᠪᠥᠬᠦᠶ ᠮᠡᠳᠡᠯᠭᠡ ᠶᠢᠨ ᠡᠷᠡᠭᠦᠯ ᠮᠡᠨᠳᠦ ᠶᠢᠨ ᠲᠠᠶᠢᠯᠤᠮᠵᠢ ᠵᠢᠴᠢ ᠰᠦᠢᠳᠭᠡᠯ | ᠬᠤᠷᠢᠶᠠᠬᠤ ᠥᠬᠡᠶ ᠪᠠᠷ ᠠᠯᠪᠠᠨ ᠵᠢᠷᠤᠮ ᠤᠨ ᠡᠮᠴᠢᠯᠡᠭᠡ ᠬᠢᠵᠦ ᠥᠭᠴᠡᠶ᠃ ︽8 · 1︾ ᠤ ᠡᠮᠦᠨᠡᠬᠡᠨ᠂ | ᠴᠡᠷᠢᠭ ᠢᠶᠠᠨ ᠬᠦᠷᠢᠶᠡᠯᠡᠬᠦ ᠠᠵᠤ ᠠᠬᠤᠶᠢᠯᠠᠯ — ᠬᠦᠢ ᠪᠦᠸᠧ ᠡᠯ ᠠᠮᠠᠨ ᠬᠥᠨᠳᠡᠢ ᠶᠢᠨ ᠡᠭᠦᠳᠡᠨ ᠡᠮᠨᠡᠯᠭᠡ ᠶᠢᠨ | ᠬᠢᠨ ᠴᠡᠷᠢᠭ ᠤᠨ ᠠᠮᠠᠷᠠᠯᠲᠠ ᠶᠢᠨ ᠺᠠᠳ᠋ᠷ ᠵᠢᠴᠢ ᠭᠡᠷ ᠪᠦᠯᠢ ᠶᠢᠨ ᠬᠢᠨ ᠳᠤ ᠠᠮᠠᠨ ᠬᠥᠨᠳᠡᠢ ᠶᠢᠨ ᠡᠷᠡᠭᠦᠯ ᠮᠡᠨᠳᠦ ᠶᠢᠨ | ᠠᠯᠪᠠᠨ ᠵᠢᠷᠤᠮ ᠤᠨ ᠡᠮᠴᠢᠯᠡᠭᠡ ᠬᠢᠭᠰᠡᠨ ᠪᠥᠭᠡᠳ ᠬᠥᠮᠦᠨ ᠪᠦᠷᠢ ᠳᠤ ᠦᠨ᠎ᠡ ᠲᠥᠯᠥᠪᠦᠷᠢ ᠦᠭᠡᠢ ᠪᠠᠷ ᠠᠮᠠᠨ | ᠬᠥᠨᠳᠡᠢ ᠶᠢᠨ ᠡᠷᠡᠭᠦᠯ ᠮᠡᠨᠳᠦ ᠶᠢᠨ ᠺᠠᠷᠲ ᠣᠯᠭᠤᠵᠠᠢ᠃ ᠡᠯ᠎ᠡ ᠲᠥᠷᠥᠯ ᠤᠨ ᠠᠯᠪᠠᠨ ᠵᠢᠷᠤᠮ ᠤᠨ ᠡᠮᠴᠢᠯᠡᠭᠡᠨ ᠤ | ᠦᠢᠯᠡᠴᠢᠯᠡᠭᠡᠨ ᠤ ᠠᠵᠢᠯᠯᠠᠭ᠎ᠠ ᠶᠢ ᠨᠡᠶᠢᠲᠡ 5 ᠤᠳᠠᠭ᠎ᠠ ᠥᠷᠨᠢᠭᠦᠯᠵᠦ᠂ 1200 ᠭᠠᠷᠤᠶ ᠬᠥᠮᠦᠨ ᠤᠳᠠᠭ᠎ᠠ ᠳᠤ | ᠠᠰᠢᠭ ᠬᠦᠷᠲᠡᠭᠡᠪᠡ᠃ | 8. ᠬᠥᠲᠥᠯᠥᠭᠴᠢ | ᠮᠠᠨ ᠤ ᠬᠤᠲᠠ ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ ᠤᠯᠤᠰ ᠲᠥᠷᠥ ᠶᠢᠨ ᠬᠠᠷᠠᠭᠠᠯᠵᠠᠯ ᠢ ᠬᠡᠷᠬᠢᠨ | ᠨᠠᠶᠢᠳᠠᠪᠤᠷᠢᠵᠢᠭᠤᠯᠤᠭᠰᠠᠨ ᠪᠤᠶ︖ | 9. ᠬᠤᠶᠠᠳᠤᠭᠠᠷ ᠦᠢᠯᠡᠴᠢᠯᠡᠭᠡᠨ ᠤ ᠥᠷᠲᠡᠭᠡᠨ ᠤ ᠳᠡᠳ᠋ ᠳᠠᠷᠤᠭ᠎ᠠ ᠴᠧᠨ ᠮᠸᠤ ᠳ᠋ᠧ | | | | | ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ ᠤᠯᠤᠰ ᠲᠥᠷᠥ ᠶᠢᠨ ᠬᠠᠷᠠᠭᠠᠯᠵᠠᠯ ᠢ ᠨᠠᠶᠢᠳᠠᠪᠤᠷᠢᠵᠢᠭᠤᠯᠬᠤ ᠳᠤ᠂ | ᠨᠢᠭᠡ ᠳᠤ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ᠂ ︽ᠴᠡᠷᠢᠭ︾ | ᠥᠰᠥᠭ ᠤᠨ ᠫᠠᠶᠢᠰᠠ ᠶᠢ ᠭᠡᠷᠡᠯᠲᠦᠭᠦᠯᠪᠡ᠃ ᠵᠣᠬᠢᠶᠠᠨ ᠪᠠᠶᠢᠭᠤᠯᠤᠯᠲᠠ ᠶᠢᠨ ᠪᠠᠬᠢᠯᠡᠯᠲᠡ ᠪᠠᠨ ᠴᠢᠩᠭᠠᠳᠬᠠᠵᠤ᠂ | ᠦᠢᠯᠡᠴᠢᠯᠡᠭᠡᠨ ᠤ ᠰᠠᠭᠤᠷᠢ ᠪᠠᠨ ᠪᠠᠬᠢᠵᠢᠭᠦᠯᠵᠦ᠂ ᠪᠠᠶᠢᠭᠤᠯᠤᠮᠵᠢ ᠶᠢ ᠥᠭᠡᠷᠡᠴᠢᠯᠡᠭᠰᠡᠨ ᠤ ᠳᠠᠷᠠᠭ᠎ᠠ᠂ ᠤᠤᠯ ᠤᠨ 5 | ᠴᠡᠷᠢᠭ ᠤᠨ ᠠᠮᠠᠷᠠᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ 5 ᠦᠨᠳᠦᠰᠦᠨ ᠱᠠᠲᠤᠨ ᠤ ᠨᠠᠮ ᠤᠨ | ᠬᠤᠷᠢᠶ᠎ᠠ ᠶᠢ ᠬᠠᠰᠤᠵᠤ᠂ ᠤᠤᠯ ᠤᠨ ᠪᠠᠶᠢᠭᠰᠠᠨ 42 ᠨᠠᠮ ᠤᠨ ᠡᠭᠦᠷ ᠢ 19 ᠨᠠᠮ ᠤᠨ ᠡᠭᠦᠷ ︵ᠡᠭᠦᠨ ᠳᠤ | ᠠᠵᠢᠯ ᠳᠤ ᠪᠠᠶᠢᠭ᠎ᠠ ᠠᠵᠢᠯᠳᠠᠨ ᠠᠵᠢᠯᠴᠢᠨ ᠤ ᠡᠭᠦᠷ 2᠂ ᠴᠡᠷᠢᠭ ᠤᠨ ᠠᠮᠠᠷᠠᠯᠲᠠ ᠶᠢᠨ ᠺᠠᠳ᠋ᠷ ᠤᠨ ᠡᠭᠦᠷ 16᠂ | ᠠᠵᠢᠯ ᠠᠴᠠ ᠪᠠᠨ ᠪᠠᠭᠤᠭᠰᠠᠨ ᠠᠵᠢᠯᠳᠠᠨ ᠠᠵᠢᠯᠴᠢᠨ ᠤ ᠡᠭᠦᠷ 1 ᠪᠤᠢ︶ ᠪᠣᠯᠭᠠᠨ ᠰᠢᠯᠢᠳᠡᠭᠵᠢᠭᠦᠯᠦᠨ ᠨᠡᠶᠢᠳᠬᠡᠵᠦ᠂ | ᠳᠣᠣᠷ᠎ᠠ ᠠᠴᠠ ᠳᠡᠭᠡᠭᠰᠢ ᠲᠡᠰ ᠳᠠᠷᠠᠭᠠᠯᠠᠯ ᠢᠶᠠᠷ᠂ ᠡᠯ᠎ᠡ ᠨᠠᠮ ᠤᠨ ᠡᠭᠦᠷ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠢ ᠠᠯᠬᠤᠮ ᠠᠯᠬᠤᠮ ᠢᠶᠠᠷ ᠪᠡᠶᠡᠯᠡᠭᠦᠯᠵᠦ᠂ ᠴᠡᠷᠢᠭ ᠤᠨ ᠠᠮᠠᠷᠠᠯᠲᠠ ᠶᠢᠨ ᠲᠥᠪ ᠤᠨ | ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠢ ᠨᠡᠮᠡᠵᠦ | ᠨᠥᠬᠦᠪᠥᠷᠢᠯᠡᠬᠦ ᠶᠢ ᠪᠡᠶᠡᠯᠡᠭᠦᠯᠪᠡ᠃ ᠭᠤᠣᠯ ᠪᠣᠯᠬᠤ ᠨᠠᠮ ᠤᠨ ᠬᠤᠷᠢᠶ᠎ᠠ ᠰᠡᠳᠬᠢᠯ ᠰᠠᠨᠠᠭ᠎ᠠ ᠪᠠᠨ ᠲᠥᠪᠯᠡᠷᠡᠭᠦᠯᠦᠨ | ᠨᠠᠮ ᠤᠨ ᠪᠠᠶᠢᠭᠤᠯᠤᠯᠲᠠ ᠶᠢ ᠰᠦᠪᠡᠭᠴᠢᠯᠡᠬᠦ ᠶᠢ ᠪᠠᠷᠢᠮᠲᠠᠯᠠᠵᠤ᠂ ᠳᠡᠭᠡᠷ᠎ᠡ ᠳᠣᠣᠷ᠎ᠠ ᠱᠠᠳᠤ ᠪᠠᠷ ᠢᠶᠠᠨ ᠰᠡᠳᠬᠢᠯ | ᠨᠢᠭᠡᠳᠦᠨ ᠨᠠᠮ ᠤᠨ ᠪᠠᠶᠢᠭᠤᠯᠤᠯᠲᠠ ᠶᠢ ᠠᠳᠬᠤᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠲᠤᠪᠤᠶᠢᠯᠭᠠᠵᠦ᠂ | ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ | ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ | ᠪᠠᠶᠢᠬᠤ ᠶᠢ ᠡᠷᠡᠰ ᠪᠠᠷᠢᠮᠲᠠᠯᠠᠪᠠ᠃ ︽ᠲᠦᠷᠪᠡ ᠶᠢ ᠠᠳᠬᠤᠬᠤ︾ ᠪᠠᠷ ᠳᠠᠮᠵᠢᠭᠤᠯᠤᠨ ᠨᠠᠮ ᠤᠨ ᠪᠠᠶᠢᠭᠤᠯᠤᠯᠲᠠ ᠶᠢ | ᠴᠢᠩᠭᠠᠳᠬᠠᠨ᠎ᠠ᠂ ᠲᠤᠬᠠᠶᠢᠯᠠᠪᠠᠯ᠄ ᠤᠨᠤᠯ ᠢᠶᠠᠷ ᠵᠡᠪᠰᠡᠭᠯᠡᠬᠦ ᠶᠢ ᠠᠳᠬᠤᠵᠤ᠂ ᠤᠯᠤᠰ ᠲᠦᠷᠦ ᠪᠠᠷ ᠬᠦᠳᠦᠯᠦᠨ | ᠳᠠᠭᠠᠭᠤᠯᠬᠤ ᠶᠢ ᠴᠢᠩᠭᠠᠳᠬᠠᠨ᠎ᠠ︔ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠢ ᠴᠢᠩᠳᠠᠯᠠᠨ᠎ᠠ︔ ᠳᠠᠷᠤᠯᠲᠠ ᠶᠢᠨ ᠳᠠᠮᠵᠢᠯᠲᠠ ᠶᠢ ᠠᠳᠬᠤᠵᠤ᠂ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ︔ ᠡᠩᠨᠡᠭᠡᠨ ᠤ ᠪᠠᠶᠢᠭᠤᠯᠤᠯᠲᠠ ᠶᠢ ᠠᠳᠬᠤᠵᠤ᠂ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠤᠶᠠᠷ ᠲᠤ᠂ ᠨᠠᠮ ᠤᠨ | ᠪᠠᠶᠢᠭᠤᠯᠤᠯᠲᠠ ᠶᠢᠨ ᠳᠠᠭᠠᠭᠠᠴᠢᠯᠠᠨ ᠬᠤᠯᠪᠤᠭᠠᠯᠠᠬᠤ ᠶᠢ ᠨᠠᠶᠢᠳᠠᠪᠤᠷᠢᠵᠢᠭᠤᠯᠵᠤ᠂ ︽ᠴᠡᠷᠢᠭ︾ ᠤᠨ ᠣᠨᠴᠠᠯᠢᠭ ᠢ | ᠲᠤᠪᠤᠶᠢᠯᠭᠠᠪᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠵᠦ᠂ ᠴᠡᠷᠢᠭ ᠤᠨ ᠠᠮᠠᠷᠠᠯᠲᠠ ᠶᠢᠨ ᠺᠠᠳ᠋ᠷ ᠨᠠᠮ ᠤᠨ ᠭᠡᠰᠢᠭᠦᠨ ᠤ ᠲᠤᠭ᠎ᠠ ᠨᠡᠯᠢᠶᠡᠳ | ᠣᠯᠠᠨ ᠪᠠᠶᠢᠵᠤ᠂ ᠨᠠᠰᠤᠨ ᠤ ᠪᠦᠲᠦᠴᠡ ᠨᠡᠶᠢᠳᠡᠮ ᠳᠡᠭᠡᠨ ᠶᠡᠭᠡ ᠰᠢᠭ ᠪᠠᠶᠢᠬᠤ ᠳᠤ ᠴᠢᠭᠯᠡᠭᠦᠯᠦᠨ᠂ ︽ᠨᠠᠮ ᠤᠨ | ᠪᠠᠶᠢᠭᠤᠯᠤᠯᠲᠠ + ᠲᠤᠬᠠᠶᠢᠯᠠᠭᠰᠠᠨ ᠠᠵᠢᠯ︾ ᠤᠨ ᠬᠤᠶᠠᠷ ᠢ ᠠᠬᠢᠭᠤᠯᠵᠤ ᠬᠤᠶᠠᠷ ᠢ ᠳᠡᠭᠡᠭᠰᠢᠯᠡᠭᠦᠯᠬᠦ ᠬᠠᠷᠠᠯᠲᠠ ᠶᠢ | ᠪᠡᠶᠡᠯᠡᠭᠦᠯᠬᠦ ᠶᠢᠨ ᠲᠥᠯᠥᠭᠡ᠂ ᠥᠩᠭᠡᠷᠡᠭᠰᠡᠨ ᠤ ᠦᠢᠯᠡᠴᠢᠯᠡᠭᠡ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠳᠠᠭᠠᠭᠠᠴᠢᠯᠠᠨ | ᠬᠤᠯᠪᠤᠭᠠᠯᠠᠬᠤ ᠠᠭᠤᠯᠭ᠎ᠠ ᠶᠢ ᠤᠯᠠᠮ ᠨᠢᠭᠡ ᠠᠯᠬᠤᠮ ᠤᠷᠲᠤᠳᠬᠠᠵᠤ᠂ ᠬᠠᠷᠠᠯᠲᠠ ᠡᠭᠦᠷᠭᠡ ᠶᠢ ᠲᠣᠳᠣᠷᠬᠠᠶᠢᠯᠠᠨ᠂ | ᠣᠲᠣ ᠪᠠᠶᠢᠭ᠎ᠠ ᠳᠠᠭᠠᠭᠠᠴᠢᠯᠠᠨ ᠬᠤᠯᠪᠤᠭᠠᠯᠠᠬᠤ ᠠᠵᠢᠯᠲᠠᠨ ᠴᠡᠷᠢᠭ ᠤᠨ ᠠᠮᠠᠷᠠᠯᠲᠠ ᠶᠢᠨ ᠺᠠᠳ᠋ᠷᠴᠤᠳ ᠲᠤ ᠡᠳᠦᠷ | ᠲᠤᠲᠤᠮ ᠤᠨ ᠦᠢᠯᠡᠴᠢᠯᠡᠭᠡ ᠶᠢ ᠰᠠᠶᠢᠲᠤᠷ ᠬᠢᠬᠦ ᠪᠠᠷ ᠪᠠᠷᠠᠬᠤ ᠥᠬᠡᠶ ᠪᠠᠰᠠ ᠳᠠᠭᠠᠭᠠᠴᠢᠯᠠᠨ ᠬᠤᠯᠪᠤᠭᠠᠯᠠᠭᠰᠠᠨ | ᠵᠣᠬᠢᠴᠠᠩᠭᠤᠶ ᠴᠡᠷᠢᠭ ᠤᠨ ᠠᠮᠠᠷᠠᠯᠲᠠ ᠶᠢᠨ ᠨᠠᠮ ᠤᠨ ᠡᠭᠦᠷ ᠢ ᠬᠠᠪᠰᠤᠷᠴᠤ ᠡᠳᠦᠷ ᠲᠤᠲᠤᠮ ᠤᠨ ᠨᠠᠮ ᠤᠨ | ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠵᠠᠶ᠃ ︽ᠭᠤᠣᠯᠯᠠᠭᠴᠢ ᠬᠦᠴᠦᠨ ᠢ | ᠠᠳᠬᠤᠵᠤ᠂ ᠪᠦᠬᠦ ᠠᠵᠢᠯᠳᠠᠨ ᠢ ᠳᠠᠭᠠᠭᠤᠯᠬᠤ︾ ᠰᠡᠳᠬᠢᠴᠡ ᠪᠠᠷ᠂ ᠨᠠᠮ ᠤᠨ ᠡᠭᠦᠷ ᠤᠨ ᠱᠦᠵᠢ᠂ ᠭᠡᠰᠢᠭᠦᠨ | ᠪᠣᠯᠤᠨ ᠬᠠᠷᠠᠭᠠᠯᠵᠠᠭᠰᠠᠨ ᠳᠠᠭᠠᠭᠠᠴᠢᠯᠠᠨ ᠬᠤᠯᠪᠤᠭᠠᠯᠠᠭᠰᠠᠨ ᠺᠠᠳ᠋ᠷᠴᠤᠳ ᠲᠤ ︽ᠵᠠᠬᠢᠶᠠᠯᠠᠭ᠎ᠠ ᠶᠢᠨ ᠮᠠᠶ᠋ᠢᠭ︾ ᠤᠨ | ᠨᠠᠮ ᠤᠨ ᠠᠵᠢᠯ ᠤᠨ ᠮᠡᠳᠡᠯᠭᠡ ᠶᠢᠨ ᠪᠣᠯᠪᠠᠰᠤᠷᠠᠯ ᠢ ᠲᠥᠪᠯᠡᠷᠡᠭᠦᠯᠦᠨ ᠬᠢᠵᠦ᠂ ᠨᠠᠮ ᠤᠨ ᠭᠡᠰᠢᠭᠦᠨ ᠭᠤᠣᠯᠯᠠᠭᠴᠢ | ᠬᠦᠴᠦᠨ ᠤ ᠡᠩᠨᠡᠭᠡ ᠶᠢ ᠰᠢᠨ᠎ᠡ ᠴᠠᠭ ᠦᠶ᠎ᠡ ᠶᠢᠨ ᠴᠡᠷᠢᠭ ᠤᠨ ᠠᠮᠠᠷᠠᠯᠲᠠ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ | ᠥᠨᠳᠦᠷᠯᠢᠭ ᠤᠨ ︽ᠨᠢᠭᠡᠳᠦᠭᠡᠷ ᠵᠢᠭᠰᠠᠭᠠᠯ︾ ᠤᠨ ᠡᠩᠨᠡᠭᠡ ᠪᠠᠷ ᠰᠠᠶᠢᠲᠤᠷ ᠵᠠᠮᠨᠠᠬᠤ ᠶᠢ ᠱᠠᠭᠠᠷᠳᠠᠪᠠ᠃ 45 ᠨᠡᠷᠡᠰ | ᠨᠠᠮ ᠤᠨ ᠠᠵᠢᠯ ᠤᠨ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠵᠤ ᠯᠣᠣ ᠨᠢᠦ ᠫᠦᠸᠧ ᠶᠢᠨ ᠬᠤᠪᠢᠰᠬᠠᠯ ᠤᠨ | ᠬᠥᠮᠦᠵᠢᠯ ᠤᠨ ᠰᠠᠭᠤᠷᠢᠨ ᠳᠤ ᠣᠴᠢᠭᠤᠯᠵᠤ ᠲᠤᠬᠠᠶᠢᠯᠠᠭᠰᠠᠨ ᠠᠵᠢᠯ ᠤᠨ ᠤᠨᠤᠯ ᠤᠨ ᠪᠣᠯᠪᠠᠰᠤᠷᠠᠯ ᠳᠤ | ᠣᠷᠣᠯᠴᠠᠭᠤᠯᠪᠠ︔ ᠡᠨᠡ ᠵᠢᠯ ᠤᠨ ᠡᠬᠢ ᠪᠠᠷ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠤ ︽ | ᠦᠵᠡᠰᠬᠦᠯᠡᠩᠲᠦ ᠰᠠᠶᠢᠬᠠᠨ ᠥᠪᠥᠷ ᠮᠣᠩᠭᠤᠯ · ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ︾ — | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠦᠵᠡᠭᠦᠯᠦᠯᠭᠡ ᠶᠢ ᠵᠣᠬᠢᠶᠠᠨ ᠪᠠᠶᠢᠭᠤᠯᠤᠨ ᠲᠣᠭᠤᠷᠢᠨ ᠦᠵᠡᠪᠡ︔ ᠨᠠᠮ ᠪᠠᠶᠢᠭᠤᠯᠤᠭᠳᠠᠭᠰᠠᠨ 102 ᠵᠢᠯ ᠤᠨ | ᠣᠶ ᠶᠢ ᠪᠡᠯᠭᠡᠯᠡᠬᠦ ᠶᠢᠨ ᠲᠥᠯᠥᠭᠡ᠂ 7 ᠰᠠᠷ᠎ᠠ ᠶᠢᠨ 6 ᠤ ᠡᠳᠦᠷ᠂ 7 ᠤ ᠡᠳᠦᠷ ᠬᠤᠶᠠᠷ ᠪᠦᠯᠦᠭ ᠬᠤᠪᠢᠶᠠᠨ 200 | ᠭᠠᠷᠤᠶ ᠴᠡᠷᠢᠭ ᠤᠨ ᠠᠮᠠᠷᠠᠯᠲᠠ ᠶᠢᠨ ᠺᠠᠳ᠋ᠷᠴᠤᠳ ᠢ ᠵᠢᠨᠢᠩ ᠤᠨ ᠳᠠᠶᠢᠯᠠᠯᠳᠤᠭᠠᠨ ᠤ ᠣᠷᠳᠣᠨ ᠳᠤ ᠣᠴᠢᠭᠤᠯᠤᠨ ︽ | ᠬᠤᠪᠢᠰᠬᠠᠯ ᠤᠨ ᠤᠯᠠᠮᠵᠢᠯᠠᠯ ᠢᠶᠠᠨ ᠪᠠᠳᠠᠷᠠᠭᠤᠯᠵᠤ ᠬᠤᠪᠢᠰᠬᠠᠯᠲᠤ ᠴᠢᠰᠤᠨ ᠰᠤᠳᠠᠰᠤ ᠪᠠᠨ ᠦᠷᠭᠦᠯᠵᠢᠯᠡᠭᠦᠯᠦᠶ᠎ᠡ︾ | ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ ᠨᠢᠭᠡ ᠲᠠᠯ᠎ᠠ ᠪᠠᠷ ᠶᠠᠪᠤᠭᠳᠠᠭᠤᠯᠬᠤ᠂ | ᠨᠢᠭᠡ ᠲᠠᠯ᠎ᠠ ᠪᠠᠷ ᠳ᠋ᠦᠩᠨᠡᠬᠦ ᠶᠠᠪᠤᠴᠠ ᠳᠤ᠂ ︽ᠦᠵᠡᠯ ᠰᠠᠨᠠᠭᠠᠨ ᠤ ᠵᠢᠯᠣᠭᠤᠳᠤᠮᠵᠢ᠂ ᠬᠠᠷᠠᠯᠲᠠ ᠶᠢᠨ ᠵᠢᠯᠣᠭᠤᠳᠤᠮᠵᠢ᠂ | ᠠᠵᠢᠯᠯᠠᠭ᠎ᠠ ᠶᠢᠨ ᠵᠢᠯᠣᠭᠤᠳᠤᠮᠵᠢ︾ ᠶᠢᠨ ᠠᠷᠭ᠎ᠠ ᠵᠠᠮ ᠪᠠ ᠠᠷᠭ᠎ᠠ ᠶᠢ ᠰᠦᠪᠡᠭᠴᠢᠯᠡᠨ ᠭᠠᠷᠭᠠᠵᠤ᠂ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠬᠠᠷᠢᠯᠴᠠᠨ ᠨᠥᠬᠦᠪᠥᠷᠢᠯᠡᠬᠦ᠂ ᠳ᠋ᠢᠶᠠᠩᠬᠤᠸᠠ᠂ ᠠᠪᠢᠶ᠎ᠠ᠂ ᠬᠠᠷᠠᠭᠠᠨ | ᠳᠠᠪᠲᠠᠮᠵᠢ ᠶᠢᠨ ᠬᠠᠷᠢᠯᠴᠠᠨ ᠦᠢᠯᠡᠳᠦᠯᠴᠡᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ︽ᠬᠠᠭᠤᠴᠢᠷᠠᠬᠤ ᠳᠤ | ᠳᠣᠭᠢᠷᠠᠬᠤ︾ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠥᠷᠨᠢᠭᠦᠯᠵᠦ᠂ ᠴᠡᠷᠢᠭ ᠤᠨ ᠠᠮᠠᠷᠠᠯᠲᠠ ᠶᠢᠨ ᠨᠠᠮ ᠤᠨ | ᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠣᠷᠳᠣ ᠬᠤᠭᠤᠴᠠᠭ᠎ᠠ ᠪᠠᠷ ᠬᠢᠵᠠᠭᠠᠷᠯᠠᠵᠤ ᠪᠠᠶᠢᠭᠰᠠᠨ | ᠬᠥᠭᠵᠢᠯᠲᠡ ᠶᠢᠨ ᠪᠣᠭᠤᠮᠢ ᠶᠢ ᠰᠢᠪᠲᠤᠯᠤᠯᠲᠠ ᠶᠢᠨ ᠴᠢᠨᠠᠷᠲᠠᠶ ᠪᠠᠷ ᠪᠡᠶᠡᠯᠡᠭᠦᠯᠵᠦ᠂ ᠣᠨ ᠤ ︽ᠭᠤᠷᠪᠠᠨ ᠬᠤᠷᠠᠯ | ᠨᠢᠭᠡ ᠬᠢᠴᠢᠶᠡᠯ︾ ᠤᠨ ᠡᠯ᠎ᠡ ᠵᠦᠢᠯ ᠤᠨ ᠠᠭᠤᠯᠭ᠎ᠠ ᠶᠢ ᠴᠡᠷᠢᠭ ᠤᠨ ᠠᠮᠠᠷᠠᠯᠲᠠ ᠶᠢᠨ ᠦᠢᠯᠡᠴᠢᠯᠡᠭᠡᠨ ᠤ ᠬᠦᠷᠢᠶᠡᠨ ᠤ | ︽ᠬᠠᠮᠤᠭ ᠤᠨ ᠡᠮᠦᠨ᠎ᠡ ᠦᠵᠦᠭᠦᠷ︾ ᠲᠤ ᠨᠡᠯᠢᠶᠡᠳ ᠰᠠᠶᠢᠨ ᠨᠠᠶᠢᠳᠠᠪᠤᠷᠢᠵᠢᠭᠤᠯᠪᠠ᠃ | 10. ᠬᠤᠶᠠᠳᠤᠭᠠᠷ ᠦᠢᠯᠡᠴᠢᠯᠡᠭᠡᠨ ᠤ ᠥᠷᠲᠡᠭᠡᠨ ᠤ ᠳᠡᠳ᠋ ᠳᠠᠷᠤᠭ᠎ᠠ ᠴᠧᠨ ᠮᠸᠤ ᠳ᠋ᠧ | ᠰᠦᠯᠵᠢᠶᠡᠨ ᠤ ᠨᠠᠶᠢᠵᠠ ᠨᠠᠷ ᠤᠨ ︽ᠳᠠᠭᠠᠭᠠᠴᠢᠯᠠᠨ ᠬᠤᠯᠪᠤᠭᠠᠯᠠᠭᠰᠠᠨ ᠴᠡᠷᠢᠭ ᠤᠨ ᠠᠮᠠᠷᠠᠯᠲᠠ ᠶᠢᠨ | ᠺᠠᠳ᠋ᠷᠴᠤᠳ ᠤᠨ ᠳᠦᠷᠢᠮ ᠢ ᠪᠠᠶᠢᠩᠭᠤᠵᠢᠭᠤᠯᠬᠤ︾ ᠤᠨ ᠠᠰᠠᠭᠤᠳᠠᠯ ᠤᠨ ᠲᠤᠬᠠᠶ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ | ᠺᠠᠳ᠋ᠷᠴᠤᠳ ᠤᠨ ᠦᠢᠯᠡᠴᠢᠯᠡᠭᠡ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯ ᠤᠨ ᠬᠡᠷᠡᠭᠵᠢᠭᠦᠯᠬᠦ ᠨᠠᠷᠢᠨ | ᠳᠦᠷᠢᠮ︾᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ︽ᠴᠡᠷᠢᠭ | ᠠᠩᠭᠢ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ ᠺᠠᠳ᠋ᠷᠴᠤᠳ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠤᠨ ᠵᠤᠷᠢᠭ ᠰᠠᠨᠠᠭ᠎ᠠ ᠶᠢ | ᠦᠨᠳᠦᠰᠦᠯᠡᠪᠡᠯ᠂ ︽ᠳᠠᠭᠠᠭᠠᠴᠢᠯᠠᠨ ᠬᠤᠯᠪᠤᠭᠠᠯᠠᠭᠰᠠᠨ ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ ᠳᠦᠷᠢᠮ ᠢ | ᠪᠠᠶᠢᠩᠭᠤᠵᠢᠭᠤᠯᠬᠤ︾ ᠶᠢ ᠲᠣᠭᠲᠠᠭᠠᠨ ᠲᠡᠭᠦᠯᠳᠡᠷᠵᠢᠭᠦᠯᠵᠦ᠂ ᠳᠠᠭᠠᠭᠠᠴᠢᠯᠠᠨ ᠬᠤᠯᠪᠤᠭᠠᠯᠠᠭᠰᠠᠨ ᠠᠵᠢᠯ ᠤᠨ | ᠠᠵᠢᠯᠲᠠᠨ ᠤ ᠬᠤᠪᠢᠶᠠᠷᠢᠯᠠᠯᠲᠠ᠂ ᠬᠠᠷᠠᠯᠲᠠᠲᠤ ᠡᠭᠦᠷᠭᠡ ᠪᠠ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠤᠯᠠᠮ ᠨᠢᠭᠡ | ᠠᠯᠬᠤᠮ ᠲᠣᠳᠣᠷᠬᠠᠶᠢᠯᠠᠵᠤ᠂ ᠳᠠᠭᠠᠭᠠᠴᠢᠯᠠᠨ ᠬᠤᠯᠪᠤᠭᠠᠯᠠᠭᠰᠠᠨ ᠭᠠᠷ ᠳᠡᠪᠲᠡᠷ ᠢ ᠳᠠᠷᠤᠮᠠᠯᠯᠠᠨ ᠦᠢᠯᠡᠳᠪᠡ᠃ | ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ ︽ᠦᠲᠡᠯᠦᠭᠡ ᠨᠠᠰᠤᠨ ᠳᠤ ᠪᠠᠨ ᠡᠮᠨᠡᠯᠭᠡ ᠲᠠᠢ᠂ ᠦᠲᠡᠯᠦᠭᠡ | ᠨᠠᠰᠤᠨ ᠳᠤ ᠪᠠᠨ ᠪᠠᠶᠠᠷ ᠬᠥᠷ ᠲᠠᠢ᠂ ᠦᠲᠡᠯᠦᠭᠡ ᠨᠠᠰᠤᠨ ᠳᠤ ᠪᠠᠨ ᠰᠤᠷᠭᠠᠨ ᠬᠥᠮᠦᠵᠢᠯ ᠲᠠᠢ︾ ᠪᠠᠶᠢᠬᠤ ᠭᠤᠷᠪᠠᠨ | ᠭᠤᠤᠯᠳᠠᠯᠭ᠎ᠠ ᠲᠠᠢ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠳᠠᠭᠠᠭᠠᠴᠢᠯᠠᠨ ᠬᠤᠯᠪᠤᠭᠠᠯᠠᠬᠤ | ᠦᠢᠯᠡᠴᠢᠯᠡᠭᠡᠨ ᠤ ᠰᠢᠨ᠎ᠡ ᠠᠷᠭ᠎ᠠ ᠮᠠᠶ᠋ᠢᠭ ᠪᠠ ᠰᠢᠨ᠎ᠡ ᠠᠷᠭ᠎ᠠ ᠵᠠᠮ ᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ | ︽ᠬᠤᠤᠰ ᠥᠨᠳᠥᠷ ᠬᠤᠭᠤᠴᠠᠭ᠎ᠠ︾ ᠶᠢᠨ ᠨᠠᠰᠤᠲᠠᠶᠢᠴᠤᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ | ᠭᠤᠤᠯᠳᠠᠯᠭ᠎ᠠ ᠲᠠᠢ ᠳᠣᠪᠤᠶᠢᠯᠭᠠᠨ᠂ ᠴᠡᠷᠢᠭ ᠤᠨ ᠠᠮᠠᠷᠠᠯᠲᠠ ᠶᠢᠨ ᠺᠠᠳ᠋ᠷᠴᠤᠳ ᠤᠨ ︽ᠨᠢᠭᠡ ᠬᠥᠮᠦᠨ ᠳᠤ ᠨᠢᠭᠡ | ᠠᠷᠭ᠎ᠠ ᠪᠣᠳᠣᠯᠭ᠎ᠠ ᠠᠪᠬᠤ︾ ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ︽ᠳᠥᠷᠪᠡ ᠶᠢ ᠮᠡᠳᠡᠬᠦ︾ ︽ᠲᠠᠪᠤ ᠶᠢ | ᠵᠠᠪᠠᠯ ᠰᠤᠷᠪᠤᠯᠵᠢᠯᠠᠬᠤ︾ ᠶᠢ ᠪᠡᠶᠡᠯᠡᠭᠦᠯᠪᠡ᠃ ᠲᠤᠬᠠᠶᠢᠯᠠᠪᠠᠯ᠄ ᠴᠡᠷᠢᠭ ᠤᠨ ᠠᠮᠠᠷᠠᠯᠲᠠ ᠶᠢᠨ ᠺᠠᠳ᠋ᠷ ᠤᠨ ᠬᠠᠮᠢᠭ᠎ᠠ | ᠪᠠᠶᠢᠬᠤ᠂ ᠶᠠᠭᠤ ᠬᠢᠵᠦ ᠪᠠᠶᠢᠬᠤ᠂ ᠶᠠᠮᠠᠷ ᠬᠦᠴᠢᠷᠳᠡᠯ ᠲᠠᠢ ᠪᠠᠶᠢᠬᠤ᠂ ᠶᠠᠮᠠᠷ ᠬᠠᠪᠰᠤᠷᠤᠯᠭ᠎ᠠ ᠬᠡᠷᠡᠭ ᠲᠠᠢ ᠪᠠᠶᠢᠬᠤ ᠶᠢ | ᠮᠡᠳᠡᠬᠦ︔ ᠴᠢᠬᠤᠯᠠ ᠪᠠᠶᠠᠷ ᠤᠨ ᠡᠳᠦᠷ ᠲᠤ ᠵᠠᠪᠠᠯ ᠰᠤᠷᠪᠤᠯᠵᠢᠯᠠᠬᠤ᠂ ᠡᠪᠡᠳᠴᠢᠯᠡᠭᠡᠳ ᠡᠮᠨᠡᠯᠭᠡ ᠳᠤ ᠰᠠᠭᠤᠪᠠᠯ ᠵᠠᠪᠠᠯ | ᠰᠤᠷᠪᠤᠯᠵᠢᠯᠠᠬᠤ᠂ ᠦᠵᠡᠯ ᠪᠤᠳᠤᠯ ᠠᠭᠤᠷ ᠠᠭᠠᠰᠢ ᠲᠠᠢ ᠪᠣᠯ ᠵᠠᠪᠠᠯ ᠰᠤᠷᠪᠤᠯᠵᠢᠯᠠᠬᠤ᠂ ᠬᠦᠴᠢᠷᠳᠡᠯ ᠲᠠᠢ ᠪᠠᠶᠢᠪᠠᠯ | ᠵᠠᠪᠠᠯ ᠰᠤᠷᠪᠤᠯᠵᠢᠯᠠᠬᠤ᠂ ᠡᠪᠡᠳᠴᠢᠨ ᠨᠢ ᠬᠦᠨᠳᠦᠷᠡᠵᠦ ᠨᠠᠰᠤ ᠪᠠᠷᠠᠪᠠᠯ ᠵᠠᠪᠠᠯ ᠰᠤᠷᠪᠤᠯᠵᠢᠯᠠᠬᠤ ᠶᠢ ᠪᠡᠶᠡᠯᠡᠭᠦᠯᠦᠨ᠎ᠡ᠃ | ᠪᠠᠶᠢᠩᠭᠤ ᠶᠢᠨ ᠴᠢᠨᠠᠷᠲᠠᠶ ᠳᠠᠭᠠᠭᠠᠴᠢᠯᠠᠨ ᠬᠤᠯᠪᠣᠭᠠᠯᠠᠬᠤ ᠡᠭᠦᠷᠭᠡ ᠲᠠᠢ ᠤᠶᠠᠯᠳᠤᠭᠤᠯᠤᠨ᠂ ︽ᠭᠠᠷᠠᠭ ᠤᠨ | ᠬᠠᠷᠢᠯᠴᠠᠭ᠎ᠠ︾ ᠪᠠ ︽ᠰᠠᠷ᠎ᠠ ᠶᠢᠨ ᠰᠤᠷᠪᠤᠯᠵᠢᠯᠠᠭ᠎ᠠ︾ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ | ᠲᠣᠭᠲᠠᠪᠤᠷᠢᠵᠢᠭᠤᠯᠵᠤ᠂ ᠪᠣᠶ ᠪᠥᠬᠦᠶ ᠳᠠᠭᠠᠭᠠᠴᠢᠯᠠᠨ ᠬᠤᠯᠪᠣᠭᠠᠯᠠᠬᠤ ᠬᠥᠮᠦᠰ ᠰᠠᠷ᠎ᠠ ᠪᠦᠷᠢ ᠨᠠᠭᠠᠳᠤ ᠵᠠᠬ᠎ᠠ ᠳᠠᠭᠠᠨ | 1 — 2 ᠤᠳᠠᠭ᠎ᠠ ᠬᠡᠷ ᠲᠤᠨᠢ ᠬᠦᠷᠴᠦ ᠦᠢᠯᠡᠴᠢᠯᠡᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠦᠢᠯᠡᠴᠢᠯᠡᠭᠡᠨ ᠤ | ᠠᠷᠭ᠎ᠠ ᠮᠠᠶ᠋ᠢᠭ ᠢ ᠨᠠᠩ ᠨᠠᠷᠢᠯᠢᠬᠵᠢᠭᠤᠯᠬᠤ᠂ ᠥᠪᠡᠷᠮᠢᠴᠡᠵᠢᠭᠦᠯᠬᠦ᠂ ᠪᠣᠳᠠᠲᠠᠶᠢᠵᠢᠭᠤᠯᠬᠤ᠂ ᠲᠥᠷᠥᠯ ᠰᠠᠳᠤᠨ ᠤ | ᠬᠠᠶᠢᠷ᠎ᠠ ᠰᠡᠳᠬᠢᠯᠭᠡ ᠲᠠᠢ ᠪᠣᠯᠭᠠᠨ᠎ᠠ᠃ | 11. ᠨᠡᠶᠢᠭᠡᠮᠴᠢᠯᠡᠭᠰᠡᠨ ᠦᠢᠯᠡᠴᠢᠯᠡᠭᠡᠨ ᠤ ᠰᠠᠯᠠᠭᠠᠨ ᠤ ᠳᠡᠳ᠋ ᠳᠠᠷᠤᠭ᠎ᠠ ᠯᠢᠦᠶ ᠨᠠᠨ | | | | | ᠰᠦᠯᠵᠢᠶᠡᠨ ᠤ ᠨᠠᠶᠢᠵᠠ ᠨᠠᠷ ᠤᠨ ︽ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ | ᠪᠤᠳᠤᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ᠤᠨ ᠠᠰᠠᠭᠤᠳᠠᠯ ᠤᠨ ᠲᠤᠬᠠᠶ᠄ | 1. ᠳᠡᠩᠰᠡᠯᠡᠨ ᠲᠡᠮᠳᠡᠭᠯᠡᠬᠦ ᠶᠢ ᠳᠥᠭᠦᠮᠴᠢᠯᠡᠬᠦ ᠲᠠᠯ᠎ᠠ ᠪᠠᠷ᠄ ᠨᠢᠭᠡ ᠳᠤ᠂ ᠥᠪᠡᠷᠲᠡᠭᠡᠨ ᠵᠠᠰᠠᠬᠤ ᠣᠷᠣᠨ ᠤ | ᠳᠣᠲᠣᠷᠠᠬᠢ ᠣᠨᠳᠣᠤ ᠭᠠᠵᠠᠷ ᠲᠤ ᠡᠮᠨᠡᠭᠦᠯᠬᠦ᠂ ᠠᠵᠢᠯᠲᠠᠨ ᠠᠵᠢᠯᠴᠢᠨ ᠤ ᠮᠤᠵᠢ ᠠᠯᠤᠰᠯᠠᠨ ᠡᠭᠦᠳᠡᠨ ᠡᠮᠨᠡᠯᠭᠡ ︵ | ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠪᠠᠭᠲᠠᠨ᠎ᠠ︶ ᠳᠤ ᠡᠮᠨᠡᠭᠦᠯᠬᠦ᠂ ᠮᠤᠵᠢ ᠠᠯᠤᠰᠯᠠᠨ ᠴᠡᠭ ᠲᠣᠭᠲᠠᠭᠠᠨ | ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠤᠪᠠᠯ ᠰᠢᠭᠤᠳ ᠳ᠋ᠦᠩᠨᠡᠨ ᠪᠤᠳᠤᠵᠤ᠂ | ᠳᠠᠭᠠᠳᠬᠠᠯ ᠳᠤ ᠣᠷᠣᠭᠰᠠᠳ ᠲᠤ ᠳᠡᠩᠰᠡᠯᠡᠨ ᠲᠡᠮᠳᠡᠭᠯᠡᠭᠦᠯᠬᠦ ᠴᠢᠬᠤᠯᠠ ᠥᠬᠡᠶ᠃ ᠲᠣᠬᠢᠷᠠᠭᠤᠯᠤᠯᠲᠠ ᠬᠢᠬᠦ ᠠᠴᠠ | ᠡᠮᠦᠨ᠎ᠡ ᠳᠡᠭᠡᠷᠡᠬᠢ ᠵᠦᠢᠯᠡᠰ ᠢ ᠳᠠᠩᠰᠠᠯᠠᠭᠤᠯᠬᠤ ᠴᠢᠬᠤᠯᠠᠲᠠᠶ᠃ ᠬᠤᠶᠠᠷ ᠲᠤ ᠮᠤᠵᠢ ᠠᠯᠤᠰᠯᠠᠨ ᠣᠨᠳᠣᠤ | ᠭᠠᠵᠠᠷ ᠲᠤ ᠣᠷᠳᠣ ᠬᠤᠭᠤᠴᠠᠭ᠎ᠠ ᠪᠠᠷ ᠣᠷᠣᠰᠢᠨ ᠰᠠᠭᠤᠭᠰᠠᠳ ᠤᠨ ᠳᠠᠩᠰᠠᠯᠠᠭᠤᠯᠬᠤ ᠬᠦᠴᠦᠨ ᠲᠠᠢ | ᠬᠤᠭᠤᠴᠠᠭ᠎ᠠ ᠶᠢ 6 ᠰᠠᠷ᠎ᠠ ᠠᠴᠠ ᠣᠬᠤᠷ ᠪᠠᠶᠢᠯᠭᠠᠵᠤ ᠪᠣᠯᠬᠤ ᠥᠬᠡᠶ᠃ ᠲᠣᠬᠢᠷᠠᠭᠤᠯᠤᠯᠲᠠ ᠬᠢᠬᠦ ᠠᠴᠠ ᠡᠮᠦᠨ᠎ᠡ 3 | ᠰᠠᠷ᠎ᠠ ᠠᠴᠠ ᠳᠤᠲᠠᠭᠤ ᠪᠠᠶᠢᠵᠤ ᠪᠣᠯᠬᠤ ᠥᠬᠡᠶ᠃ ᠭᠤᠷᠪᠠ ᠳᠤ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ | ᠡᠮᠨᠡᠭᠦᠯᠦᠭᠰᠡᠳ ᠲᠤ ︽ᠨᠢᠭᠡ ᠯᠡ ᠤᠳᠠᠭ᠎ᠠ ᠳᠤ ᠳᠠᠩᠰᠠᠯᠠᠭᠤᠯᠬᠤ ᠨᠢ ᠵᠢᠷᠭᠤᠭᠠᠨ ᠰᠠᠷ᠎ᠠ ᠳᠤ ᠬᠦᠴᠦᠨ ᠲᠠᠢ︾ | ᠪᠠᠶᠢᠬᠤ ᠶᠢ ᠬᠡᠷᠡᠭᠵᠢᠭᠦᠯᠵᠦ᠂ ᠳᠠᠩᠰᠠᠯᠠᠭᠤᠯᠬᠤ ᠬᠦᠴᠦᠨ ᠲᠠᠢ ᠬᠤᠭᠤᠴᠠᠭᠠᠨ ᠳᠤ ᠣᠯᠠᠨ ᠤᠳᠠᠭ᠎ᠠ ᠡᠮᠨᠡᠭᠦᠯᠵᠦ | ᠪᠣᠯᠤᠨ᠎ᠠ᠃ ᠲᠣᠬᠢᠷᠠᠭᠤᠯᠤᠯᠲᠠ ᠬᠢᠬᠦ ᠠᠴᠠ ᠡᠮᠦᠨᠡᠬᠢ ᠨᠢᠭᠡ ᠤᠳᠠᠭ᠎ᠠ ᠶᠢᠨ ᠳᠠᠩᠰᠠᠯᠠᠭᠤᠯᠤᠯᠲᠠ ᠨᠢ ᠨᠢᠭᠡ ᠰᠠᠷ᠎ᠠ ᠶᠢᠨ | ᠳᠣᠲᠣᠷ᠎ᠠ ᠬᠦᠴᠦᠨ ᠲᠠᠢ︔ ᠡᠮᠨᠡᠯᠭᠡ ᠳᠤ ᠨᠢᠭᠡ ᠤᠳᠠᠭ᠎ᠠ ᠰᠠᠭᠤᠪᠠᠯ᠂ ᠨᠢᠭᠡ ᠤᠳᠠᠭ᠎ᠠ ᠳᠠᠩᠰᠠᠯᠠᠭᠤᠯᠤᠨ᠎ᠠ᠃ | ᠳᠥᠷᠪᠡ ᠳᠤ ᠳᠠᠭᠠᠳᠬᠠᠯ ᠳᠤ ᠣᠷᠣᠭᠰᠠᠳ ᠤᠷᠢᠳᠴᠢᠯᠠᠨ ᠳᠠᠩᠰᠠᠯᠠᠭᠤᠯᠤᠭᠰᠠᠨ ᠥᠬᠡᠶ ᠪᠠᠶᠢᠪᠠᠯ᠂ ᠡᠮᠨᠡᠯᠭᠡ ᠠᠴᠠ | ᠭᠠᠷᠴᠤ ᠳ᠋ᠦᠩᠨᠡᠨ ᠪᠤᠳᠤᠬᠤ ᠠᠴᠠ ᠡᠮᠦᠨ᠎ᠡ ᠨᠥᠬᠦᠵᠦ ᠳᠠᠩᠰᠠᠯᠠᠭᠤᠯᠬᠤ ᠪᠠᠷ ᠭᠤᠶᠤᠴᠢᠯᠠᠵᠤ ᠪᠣᠯᠬᠤ ᠪᠥᠭᠡᠳ | ᠲᠣᠭᠲᠠᠭᠠᠯ ᠶᠣᠰᠣᠭᠠᠷ ᠰᠢᠭᠤᠳ ᠳ᠋ᠦᠩᠨᠡᠨ ᠪᠤᠳᠤᠬᠤ ᠶᠢ ᠭᠥᠷᠳᠡᠵᠦ ᠪᠣᠯᠤᠨ᠎ᠠ᠂ ᠣᠨᠴᠠᠭᠠᠶ ᠰᠢᠯᠲᠠᠭᠠᠨ ᠠᠴᠠ ᠪᠣᠯᠵᠣ | ᠰᠢᠭᠤᠳ ᠳ᠋ᠦᠩᠨᠡᠨ ᠪᠤᠳᠤᠭᠰᠠᠨ ᠥᠬᠡᠶ ᠪᠠᠶᠢᠪᠠᠯ᠂ ᠳᠠᠭᠠᠳᠬᠠᠯ ᠳᠤ ᠣᠷᠣᠯᠴᠠᠭᠰᠠᠨ ᠭᠠᠵᠠᠷ ᠲᠠᠭᠠᠨ ᠪᠤᠴᠠᠵᠤ ᠬᠡᠰᠡᠭ | ᠪᠤᠰᠠᠭ ᠢᠶᠠᠷ ᠲᠠᠩᠰᠠ ᠳᠡᠶᠢᠯᠵᠦ ᠪᠣᠯᠤᠨ᠎ᠠ᠃ ᠲᠣᠬᠢᠷᠠᠭᠤᠯᠤᠯᠲᠠ ᠬᠢᠬᠦ ᠠᠴᠠ ᠡᠮᠦᠨ᠎ᠡ ᠳᠠᠭᠠᠳᠬᠠᠯ ᠳᠤ ᠣᠷᠣᠭᠰᠠᠳ ᠢ | ᠤᠷᠢᠳᠴᠢᠯᠠᠨ ᠳᠠᠩᠰᠠᠯᠠᠭᠤᠯᠤᠭᠰᠠᠨ ᠥᠬᠡᠶ ᠪᠠᠶᠢᠪᠠᠯ᠂ ᠳᠠᠩᠰᠠᠯᠠᠭᠤᠯᠬᠤ ᠭᠠᠷᠳᠠᠮ ᠢ ᠨᠥᠬᠦᠪᠥᠷᠢᠯᠡᠵᠦ ᠪᠣᠯᠬᠤ ᠥᠬᠡᠶ᠂ | ᠳ᠋ᠦᠩᠨᠡᠨ ᠪᠤᠳᠤᠵᠤ ᠪᠣᠯᠬᠤ ᠥᠬᠡᠶ᠃ ᠲᠠᠪᠤ ᠳᠤ ︽ᠲᠦᠷᠭᠡᠨ ᠡᠮᠨᠡᠬᠦ︾ ᠪᠤᠶᠤ ︽ᠲᠦᠷᠭᠡᠨ ᠠᠪᠤᠷᠬᠠᠤ︾ | ᠳᠠᠭᠠᠳᠬᠠᠯ ᠳᠤ ᠣᠷᠣᠯᠴᠠᠭᠰᠠᠳ ᠢ ᠣᠨᠳᠣᠤ ᠭᠠᠵᠠᠷ ᠲᠤ ᠡᠮᠨᠡᠭᠦᠯᠬᠦ ᠳᠡᠩᠰᠡᠯᠡᠯᠲᠡ ᠬᠢᠯᠭᠡᠭᠰᠡᠨ ᠥᠬᠡᠶ ᠪᠠᠶᠢᠪᠠᠯ᠂ | ᠨᠢᠭᠡᠨᠲᠡ ᠳᠠᠩᠰᠠᠯᠠᠭᠰᠠᠨ ᠲᠠᠢ ᠠᠳᠠᠯᠢ ᠪᠠᠷ ᠦᠵᠡᠨ᠎ᠡ᠃ ᠲᠣᠬᠢᠷᠠᠭᠤᠯᠤᠯᠲᠠ ᠬᠢᠬᠦ ᠠᠴᠠ ᠡᠮᠦᠨ᠎ᠡ ︽ᠲᠦᠷᠭᠡᠨ ᠡᠮᠨᠡᠬᠦ | ︾ ᠪᠤᠶᠤ ︽ᠲᠦᠷᠭᠡᠨ ᠠᠪᠤᠷᠬᠠᠤ︾ ᠳᠠᠭᠠᠳᠬᠠᠯ ᠳᠤ ᠣᠷᠣᠯᠴᠠᠭᠰᠠᠳ ᠢ ᠳᠠᠩᠰᠠᠯᠠᠭᠤᠯᠤᠭᠰᠠᠨ ᠥᠬᠡᠶ ᠪᠣᠯ | ᠳᠠᠩᠰᠠᠯᠠᠭᠤᠯᠬᠤ ᠭᠠᠷᠳᠠᠮ ᠢ ᠨᠥᠬᠦᠵᠦ ᠭᠦᠢᠴᠡᠳᠭᠡᠵᠦ ᠪᠤᠯᠬᠤ ᠥᠬᠡᠶ᠂ ᠳ᠋ᠦᠩᠨᠡᠨ ᠪᠤᠳᠤᠵᠤ ᠪᠤᠯᠬᠤ ᠥᠬᠡᠶ᠃ | 2. ᠬᠠᠷᠠᠭᠠᠯᠵᠠᠯ ᠭᠥᠷᠳᠡᠬᠦ ᠲᠠᠯ᠎ᠠ ᠪᠠᠷ᠄ ᠨᠢᠭᠡ ᠳᠤ ᠮᠤᠵᠢ ᠠᠯᠤᠰᠯᠠᠨ ᠣᠨᠳᠣᠤ ᠭᠠᠵᠠᠷ ᠲᠤ ᠣᠷᠳᠣ | ᠬᠤᠭᠤᠴᠠᠭ᠎ᠠ ᠪᠠᠷ ᠣᠷᠣᠰᠢᠨ ᠰᠠᠭᠤᠭᠰᠠᠳ ᠳᠠᠩᠰᠠᠯᠠᠭᠤᠯᠬᠤ ᠬᠦᠴᠦᠨ ᠲᠠᠢ ᠬᠤᠭᠤᠴᠠᠭᠠᠨ ᠳᠤ ᠳᠠᠭᠠᠳᠬᠠᠯ ᠳᠤ | ᠣᠷᠣᠯᠴᠠᠭᠰᠠᠨ ᠭᠠᠵᠠᠷ ᠪᠤᠶᠤ ᠣᠷᠣᠰᠢᠨ ᠰᠠᠭᠤᠭᠰᠠᠨ ᠭᠠᠵᠠᠷ ᠲᠠᠭᠠᠨ ᠡᠮᠴᠢᠯᠡᠭᠦᠯᠦᠭᠰᠡᠨ ᠵᠠᠷᠤᠳᠠᠯ ᠢ ᠰᠢᠭᠤᠳ | ᠲᠡᠰᠦᠯᠦᠨ ᠪᠤᠳᠤᠵᠤ ᠪᠣᠯᠤᠨ᠎ᠠ᠃ ᠲᠣᠬᠢᠷᠠᠭᠤᠯᠤᠯᠲᠠ ᠬᠢᠬᠦ ᠠᠴᠠ ᠡᠮᠦᠨ᠎ᠡ ᠮᠤᠵᠢ ᠠᠯᠤᠰᠯᠠᠨ ᠣᠨᠳᠣᠤ ᠭᠠᠵᠠᠷ ᠲᠤ | ᠣᠷᠳᠣ ᠬᠤᠭᠤᠴᠠᠭ᠎ᠠ ᠪᠠᠷ ᠣᠷᠣᠰᠢᠨ ᠰᠠᠭᠤᠭᠰᠠᠳ ᠳᠠᠭᠠᠳᠬᠠᠯ ᠳᠤ ᠣᠷᠣᠯᠴᠠᠭᠰᠠᠨ ᠭᠠᠵᠠᠷ ᠪᠤᠶᠤ ᠣᠷᠣᠰᠢᠨ | ᠰᠠᠭᠤᠭᠰᠠᠨ ᠭᠠᠵᠠᠷ ᠲᠠᠭᠠᠨ ᠡᠪᠡᠳᠴᠢᠨ ᠦᠵᠡᠭᠦᠯᠬᠦ ᠳᠡᠭᠡᠨ ᠣᠨᠳᠣᠤ ᠭᠠᠵᠠᠷ ᠠᠴᠠ ᠳᠠᠭᠠᠳᠬᠠᠯ ᠳᠤ ᠣᠷᠣᠯᠴᠠᠭᠰᠠᠨ | ᠭᠠᠵᠠᠷ ᠪᠤᠶᠤ ᠣᠷᠣᠰᠢᠨ ᠰᠠᠭᠤᠭᠰᠠᠨ ᠭᠠᠵᠠᠷ ᠲᠠᠭᠠᠨ ᠪᠤᠴᠠᠵᠤ ᠢᠷᠡᠪᠡᠯ ᠰᠠᠶ᠋ᠢ ᠲᠠᠩᠰᠠ ᠳᠡᠶᠢᠯᠵᠦ ᠪᠣᠯᠤᠨ᠎ᠠ᠃ | ᠬᠤᠶᠠᠷ ᠲᠤ ᠣᠨᠳᠣᠤ ᠭᠠᠵᠠᠷ ᠲᠤ ᠰᠢᠯᠵᠢᠭᠦᠯᠦᠨ ᠡᠮᠨᠡᠭᠦᠯᠦᠭᠰᠡᠨ ᠪᠠ ᠲᠦᠷᠭᠡᠨ ᠡᠮᠨᠡᠯᠭᠡ ᠳᠤ ᠰᠠᠭᠤᠵᠤ ᠲᠦᠷᠭᠡᠨ | ᠠᠪᠤᠷᠬᠠᠤ ᠬᠥᠮᠦᠰ ᠤᠨ ᠳᠥᠯᠥᠬᠦ ᠬᠠᠷᠢᠴᠠᠯ ᠢ ᠲᠣᠰ ᠬᠤᠲᠠ ᠶᠢᠨ ᠡᠮᠨᠡᠯᠭᠡ ᠳᠤ ᠰᠠᠭᠤᠭᠰᠠᠨ ᠤ ᠳᠥᠯᠥᠬᠦ | ᠪᠠᠷᠢᠮᠵᠢᠶ᠎ᠠ ᠶᠢᠨ ᠰᠠᠭᠤᠷᠢᠨ ᠳᠡᠭᠡᠷ᠎ᠡ 10 ᠵᠠᠭᠤᠨ ᠤ ᠨᠢᠭᠡᠴᠢ ᠪᠠᠭᠤᠷᠠᠭᠤᠯᠤᠨ᠎ᠠ᠂ ᠲᠦᠷᠭᠡᠨ ᠡᠮᠨᠡᠯᠭᠡ ᠶᠢᠨ ᠪᠤᠰᠤ | ᠮᠥᠷᠲᠡᠭᠡᠨ ᠰᠢᠯᠵᠢᠭᠦᠯᠦᠨ ᠡᠮᠨᠡᠭᠦᠯᠬᠦ ᠪᠠᠷ ᠳᠠᠩᠰᠠᠯᠠᠭᠤᠯᠤᠭᠰᠠᠨ ᠥᠬᠡᠶ ᠬᠥᠮᠦᠰ ᠤᠨ ᠳᠥᠯᠥᠬᠦ ᠬᠠᠷᠢᠴᠠᠯ ᠢ ᠲᠣᠰ | ᠬᠤᠲᠠ ᠶᠢᠨ ᠡᠮᠨᠡᠯᠭᠡ ᠳᠤ ᠰᠠᠭᠤᠭᠰᠠᠨ ᠤ ᠳᠥᠯᠥᠬᠦ ᠪᠠᠷᠢᠮᠵᠢᠶ᠎ᠠ ᠶᠢᠨ ᠰᠠᠭᠤᠷᠢᠨ ᠳᠡᠭᠡᠷ᠎ᠡ 20 ᠵᠠᠭᠤᠨ ᠤ ᠨᠢᠭᠡᠴᠢ | ᠪᠠᠭᠤᠷᠠᠭᠤᠯᠤᠨ᠎ᠠ᠃ ᠲᠣᠬᠢᠷᠠᠭᠤᠯᠤᠯᠲᠠ ᠬᠢᠬᠦ ᠠᠴᠠ ᠡᠮᠦᠨ᠎ᠡ ᠪᠠᠴᠢᠮ ᠡᠮᠴᠢᠯᠡᠭᠡ ᠶᠢᠨ ᠪᠤᠰᠤ ᠮᠥᠷᠲᠡᠭᠡᠨ | ᠰᠢᠯᠵᠢᠭᠦᠯᠦᠨ ᠡᠮᠨᠡᠭᠦᠯᠬᠦ ᠪᠠᠷ ᠳᠠᠩᠰᠠᠯᠠᠭᠤᠯᠤᠭᠰᠠᠨ ᠥᠬᠡᠶ ᠬᠥᠮᠦᠰ ᠲᠤ ᠲᠠᠩᠰᠠ ᠳᠡᠶᠢᠯᠵᠦ ᠳ᠋ᠦᠩᠨᠡᠨ ᠪᠤᠳᠤᠵᠤ | ᠥᠭᠬᠦ ᠥᠬᠡᠶ᠃ ᠭᠤᠷᠪᠠ ᠳᠤ᠂ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ | ᠬᠤᠤᠷᠲᠤ ᠬᠠᠪᠤᠳᠠᠷ ᠤᠨ ᠡᠭᠦᠳᠡᠨ ᠡᠮᠨᠡᠯᠭᠡ ᠶᠢᠨ ᠰᠠᠴᠤᠷᠠᠭ ᠬᠢᠮᠢ ᠶᠢᠨ ᠵᠠᠰᠠᠯ᠂ ᠰᠢᠭᠡᠰᠦᠨ ᠬᠤᠤᠷᠳᠠᠯᠭ᠎ᠠ ᠶᠢᠨ | ᠡᠪᠡᠳᠴᠢᠨ ᠤ ᠨᠡᠪᠴᠢᠭᠦᠯᠦᠨ ᠢᠯᠭᠠᠷᠠᠭᠤᠯᠬᠤ ᠵᠠᠰᠠᠯ᠂ ᠡᠷᠬᠡᠲᠡᠨ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ | ᠣᠨᠳᠣᠣᠰᠢᠯ ᠢ ᠡᠰᠡᠷᠭᠦᠴᠡᠬᠦ ᠡᠮᠴᠢᠯᠡᠭᠡᠨ ᠤ ᠳᠠᠭᠠᠳᠬᠠᠯ ᠳᠤ ᠣᠷᠣᠭᠰᠠᠳ᠂ ᠣᠨᠳᠣᠤ ᠭᠠᠵᠠᠷ ᠲᠤ ᠡᠮᠨᠡᠭᠦᠯᠬᠦ ᠶᠢ | ᠳᠠᠩᠰᠠᠯᠠᠭᠤᠯᠬᠤ ᠴᠢᠬᠤᠯᠠ ᠥᠬᠡᠶ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠢ ᠣᠨᠳᠣᠤ ᠭᠠᠵᠠᠷ ᠲᠤ | ᠡᠮᠨᠡᠭᠦᠯᠬᠦ ᠶᠢ ᠰᠢᠭᠤᠳ ᠲᠡᠰᠦᠯᠦᠨ ᠪᠤᠳᠤᠬᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠮᠠᠨ ᠤ ᠬᠤᠲᠠ ᠶᠢᠨ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠲᠣᠭᠲᠠᠭᠠᠯ ᠶᠣᠰᠣᠭᠠᠷ ᠬᠠᠷᠠᠭᠠᠯᠵᠠᠯ ᠬᠦᠷᠲᠡᠭᠡᠨ᠎ᠡ᠃ | ᠲᠣᠬᠢᠷᠠᠭᠤᠯᠤᠯᠲᠠ ᠬᠢᠬᠦ ᠠᠴᠠ ᠡᠮᠦᠨ᠎ᠡ ᠳᠠᠩᠰᠠᠯᠠᠭᠤᠯᠬᠤ ᠴᠢᠬᠤᠯᠠᠲᠠᠶ᠂ ᠰᠢᠭᠤᠳ ᠳ᠋ᠦᠩᠨᠡᠨ ᠪᠤᠳᠤᠬᠤ ᠶᠢᠨ ᠠᠷᠭ᠎ᠠ | ᠥᠬᠡᠶ᠃ | 3. ᠤᠨᠴᠠᠭᠠᠢ ᠠᠩᠬᠠᠷᠬᠤ ᠵᠦᠢᠯ᠄ ᠳᠠᠭᠠᠳᠬᠠᠯ ᠳᠤ ᠣᠷᠣᠭᠰᠠᠳ ᠤᠨ ᠡᠮᠨᠡᠭᠦᠯᠦᠭᠰᠡᠨ ᠭᠠᠵᠠᠷ ᠤᠨ ᠣᠨᠳᠣᠤ | ᠭᠠᠵᠠᠷ ᠤᠨ ᠪᠤᠰᠤ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠳᠤ ᠵᠠᠷᠤᠴᠠᠭᠤᠯᠤᠭᠰᠠᠨ ᠡᠮᠴᠢᠯᠡᠭᠡᠨ ᠤ | ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠳᠥᠯᠥᠬᠦ ᠥᠬᠡᠶ᠃ | 12. ᠬᠠᠮᠢᠶᠠᠷᠤᠭᠴᠢ | ᠬᠥᠬᠡᠬᠤᠲᠠ ᠶᠢᠨ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ | ᠺᠠᠳ᠋ᠷᠴᠤᠳ ᠤᠨ ᠦᠢᠯᠡᠴᠢᠯᠡᠭᠡᠨ ᠤ ᠲᠥᠪ ᠤᠨ ᠴᠢᠶᠧ ᠬᠠᠶ ᠮᠢᠩ ᠡᠷᠬᠢᠯᠡᠭᠴᠢ᠂ ᠵᠠᠩ ᠸᠧᠨ ᠯᠢ ᠳᠡᠳ᠋ ᠡᠷᠬᠢᠯᠡᠭᠴᠢ᠂ | ᠨᠡᠶᠢᠭᠡᠮᠴᠢᠯᠡᠭᠰᠡᠨ ᠦᠢᠯᠡᠴᠢᠯᠡᠭᠡᠨ ᠤ ᠰᠠᠯᠠᠭᠠᠨ ᠤ ᠯᠢᠦᠶ ᠨᠠᠨ ᠳᠡᠳ᠋ ᠰᠠᠯᠠᠭᠠᠨ ᠳᠠᠷᠤᠭ᠎ᠠ᠂ ᠬᠤᠶᠠᠳᠤᠭᠠᠷ | ᠦᠢᠯᠡᠴᠢᠯᠡᠭᠡᠨ ᠤ ᠦᠷᠲᠡᠭᠡᠨ ᠤ ᠴᠧᠨ ᠮᠸᠤ ᠳ᠋ᠧ ᠳᠡᠳ᠋ ᠥᠷᠲᠡᠭᠡᠨ ᠳᠠᠷᠤᠭ᠎ᠠ ᠳᠤ ᠲᠠᠯᠠᠷᠬᠠᠵᠤ ᠪᠠᠶᠢᠨ᠎ᠠ᠂ ᠲᠣᠰ | ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠯᠠᠷᠬᠠᠵᠤ ᠪᠠᠶᠢᠨ᠎ᠠ᠃ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |