︽ᠰᠢᠨ᠎ᠡ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠦᠢᠯᠡᠳᠦᠯᠭᠡ ᠳᠤ ᠰᠢᠨ᠎ᠡ ᠭᠠᠪᠢᠶ᠎ᠠ ᠪᠠᠶᠢᠭᠤᠯᠤᠶ᠎ᠠ︾ ᠭᠡᠬᠦ ᠢᠦᠢ ᠴᠢᠤᠸᠠᠨ ᠲᠣᠭᠤᠷᠢᠭ ᠤᠨ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠡᠬᠢᠯᠡᠪᠡ︕
ᠨᠡᠶᠢᠲᠡᠯᠡᠭᠰᠡᠨ ᠴᠠᠭ᠄
2023/10/16
     ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠦᠶ ᠴᠢᠤᠸᠠᠨ ᠲᠣᠭᠤᠷᠢᠭ ᠤᠨ ᠬᠤᠷᠢᠶ᠎ᠠ᠂ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂   ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠲᠤᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠳᠠᠭᠠᠭᠠᠴᠢᠯᠠᠨ ᠡᠷᠬᠢᠯᠡᠵᠦ᠂ ᠢᠦᠢ ᠴᠢᠤᠸᠠᠨ ᠲᠣᠭᠤᠷᠢᠭ ᠤᠨ ᠤᠷᠠᠨ ᠪᠢᠴᠢᠯᠭᠡᠲᠡᠨ ᠤ ᠨᠡᠶᠢᠭᠡᠮᠯᠢᠭ᠂ ᠤᠷᠠᠨ ᠵᠢᠷᠤᠭᠴᠢᠳ ᠤᠨ ᠨᠡᠶᠢᠭᠡᠮᠯᠢᠭ᠂ ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠤᠨ ᠤᠷᠠᠨ ᠪᠢᠴᠢᠯᠭᠡ ᠤᠷᠠᠨ ᠵᠢᠷᠤᠭ ᠤᠨ ᠨᠡᠶᠢᠭᠡᠮᠯᠢᠭ᠂ ᠥᠪᠥᠷ ᠮᠣᠩᠭᠤᠯ ᠤᠨ ᠡᠮᠡᠭᠲᠡᠶᠢᠴᠦᠳ ᠤᠨ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠤᠨ ᠬᠠᠮᠵᠢᠯᠴᠠᠨ ᠡᠷᠬᠢᠯᠡᠭᠰᠡᠨ ︽ᠰᠢᠨ᠎ᠡ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠦᠢᠯᠡᠳᠦᠯᠭᠡ ᠳᠤ ᠰᠢᠨ᠎ᠡ ᠭᠠᠪᠢᠶ᠎ᠠ ᠪᠠᠶᠢᠭᠤᠯᠬᠤ︾ ᠭᠡᠬᠦ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠲᠣᠭᠤᠷᠢᠭ ᠤᠨ ᠵᠠᠰᠠᠭ ᠤᠨ ᠣᠷᠳᠣᠨ ᠤ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ᠵᠢᠩᠬᠢᠨᠢ ᠪᠠᠷ ᠶᠠᠪᠤᠭᠳᠠᠪᠠ᠃
     ᠲᠤᠰ ᠤᠳᠠᠭᠠᠨ ᠤ ᠦᠵᠡᠰᠬᠦᠯᠡᠩ ᠳᠤ ᠵᠠᠭᠤ ᠰᠢᠬᠠᠮ ᠪᠦᠲᠦᠭᠡᠯ ᠰᠣᠩᠭᠤᠵᠤ᠂ ᠤᠷᠠᠨ ᠪᠢᠴᠢᠯᠭᠡ᠂ ᠤᠷᠠᠨ ᠵᠢᠷᠤᠭ ᠤᠨ ᠬᠡᠯᠪᠡᠷᠢ ᠪᠠᠷ ᠢᠦᠶ ᠴᠢᠤᠸᠠᠨ ᠲᠣᠭᠤᠷᠢᠭ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠠᠴᠢ ᠶᠢ ᠣᠶᠢᠯᠠᠭᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠶᠠᠪᠤᠭᠰᠠᠨ ᠢ ᠲᠥᠪᠯᠡᠷᠡᠭᠦᠯᠦᠨ ᠦᠵᠡᠭᠦᠯᠵᠦ᠂ ᠪᠦᠬᠦ ᠲᠤᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠵᠤ ᠦᠨᠳᠦᠰᠦᠨ ᠵᠦᠢᠯ ᠢ ᠪᠠᠬᠢᠵᠢᠭᠦᠯᠬᠦ᠂ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ ᠦᠨᠡᠨᠴᠢ ᠰᠢᠳᠤᠷᠭᠤ ᠶᠢ ᠴᠢᠩᠭᠠᠳᠬᠠᠬᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠬᠥᠭᠵᠢᠯᠲᠡ ᠶᠢ ᠠᠬᠢᠭᠤᠯᠬᠤ᠂ ᠵᠣᠷᠢᠯᠲᠠ ᠪᠠᠨ ᠦᠢᠯᠡᠳᠦᠯᠭᠡᠵᠢᠭᠦᠯᠵᠦ ᠠᠷᠠᠳ ᠲᠦᠮᠡᠨ ᠳᠤ ᠪᠤᠶᠠᠨ ᠦᠢᠯᠡᠳᠬᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ ᠰᠢᠨ᠎ᠡ ᠰᠤᠷᠲᠠᠯ ᠢ ᠪᠤᠢ ᠪᠣᠯᠭᠠᠬᠤ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠢᠦᠢ ᠴᠢᠤᠸᠠᠨ ᠲᠣᠭᠤᠷᠢᠭ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠪᠠᠷ ᠵᠣᠷᠢᠭ ᠰᠢᠭᠤᠳᠤᠨ ᠤᠳᠬ᠎ᠠ ᠤᠷᠠᠯᠢᠭ ᠤᠨ ᠬᠦᠴᠦᠨ ᠴᠢᠳᠠᠯ ᠢᠶᠠᠨ ᠡᠷᠭᠦᠨ᠎ᠡ︕
     ᠲᠠᠨᠢᠯᠴᠠᠭᠤᠯᠤᠭᠰᠠᠨ ᠢᠶᠠᠷ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠡᠬᠢᠯᠡᠯᠲᠡ ᠶᠢᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠃ ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠨ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ︽ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ︾ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠡᠯ᠎ᠡ ᠵᠦᠢᠯ ᠤᠨ ᠠᠵᠢᠯ ᠢ ᠠᠬᠢᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠰᠢᠨ᠎ᠡ ᠴᠠᠭ ᠦᠶ᠎ᠡ ᠶᠢᠨ ᠢᠦᠢ ᠴᠢᠤᠸᠠᠨ ᠲᠣᠭᠤᠷᠢᠭ ᠤᠨ ᠰᠢᠨ᠎ᠡ ᠴᠤᠭ ᠵᠢᠪᠬᠤᠭ᠎ᠠ ᠶᠢ ᠢᠯᠡᠷᠡᠭᠦᠯᠵᠦ᠂ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠳᠤ ᠢᠦᠢ ᠴᠢᠤᠸᠠᠨ ᠤ ᠬᠦᠴᠦᠨ ᠴᠢᠳᠠᠯ ᠢ ᠨᠡᠮᠡᠷᠢᠯᠡᠨ᠎ᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号