ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ | ᠺᠣᠮᠫᠠᠨᠢ ᠠᠴᠠ ᠣᠶᠢᠯᠠᠭᠠᠭᠰᠠᠨ ᠢᠶᠠᠷ᠂ 2023 ᠣᠨ ᠤ ᠡᠪᠦᠯ ᠤᠨ ᠠᠶᠠᠯᠠᠯ ᠤᠨ ᠤᠯᠠᠷᠢᠯ 10 ᠳ᠋ᠤᠭᠠᠷ ᠰᠠᠷ᠎ᠠ ᠶᠢᠨ | 29 ᠤ ᠡᠳᠦᠷ ᠵᠢᠩᠬᠢᠨᠢ ᠪᠠᠷ ᠡᠬᠢᠯᠡᠵᠦ᠂ 2024 ᠣᠨ ᠤ 3 ᠳ᠋ᠤᠭᠠᠷ ᠰᠠᠷ᠎ᠠ ᠶᠢᠨ 30 ᠤ ᠡᠳᠦᠷ ᠲᠡᠭᠦᠰᠦᠨ᠎ᠡ᠂ | ᠨᠡᠶᠢᠲᠡ 154 ᠡᠳᠦᠷ᠃ | ᠣᠶᠢᠯᠠᠭᠠᠭᠰᠠᠨ ᠢᠶᠠᠷ᠂ ᠡᠪᠦᠯ ᠤᠨ ᠠᠶᠠᠯᠠᠯ ᠤᠨ ᠤᠯᠠᠷᠢᠯ ᠳᠤ ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ | ᠺᠣᠮᠫᠠᠨᠢ ᠥᠪᠡᠷᠲᠡᠭᠡᠨ ᠵᠠᠰᠠᠬᠤ ᠣᠷᠣᠨ ᠤ ︽ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ︾ | ᠪᠣᠯᠣᠨ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠶᠢ | ᠦᠷᠭᠦᠯᠵᠢᠯᠡᠨ ᠠᠬᠢᠭᠤᠯᠵᠤ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ ︽2023 — | 2025 ᠣᠨ ᠤ ᠠᠭᠠᠷ ᠤᠨ ᠠᠶᠠᠯᠠᠯ ᠤᠨ ᠱᠤᠭᠤᠮ ᠤᠨ ᠰᠦᠯᠵᠢᠶᠡᠨ ᠤ ᠲᠥᠯᠦᠪᠵᠢᠭᠦᠯᠭᠡ ᠶᠢᠨ ᠭᠠᠵᠠᠷ ᠤᠨ ᠵᠢᠷᠤᠭ︾ | ᠢᠶᠠᠷ ᠤᠳᠤᠷᠢᠳᠤᠮᠵᠢ ᠪᠣᠯᠭᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ | ᠲᠣᠮᠣ ᠪᠤᠯᠤᠩ ᠤᠨ ᠣᠷᠣᠨ᠂ ᠴᠧᠩᠳᠦ᠋ ᠴᠦᠩᠴᠢᠩ ᠤᠨ ᠬᠤᠳᠠ ᠶᠢᠨ ᠪᠥᠭᠡᠮᠨᠡᠷᠡᠯ ᠤᠨ ᠠᠭᠠᠷ ᠤᠨ ᠠᠶᠠᠯᠠᠯ ᠤᠨ | ᠱᠤᠭᠤᠮ ᠢ ᠪᠦᠲᠦᠭᠡᠨ ᠪᠠᠶᠢᠭᠤᠯᠬᠤ ᠪᠠᠷ ᠭᠤᠣᠯᠳᠠᠯᠭ᠎ᠠ ᠲᠠᠢ ᠡᠭᠦᠷᠭᠡ ᠪᠠᠨ ᠪᠣᠯᠭᠠᠵᠤ᠂ ᠭᠤᠣᠯᠯᠠᠭᠴᠢ ᠲᠣᠣᠷ | ᠰᠦᠯᠵᠢᠶᠡᠨ ᠤ ᠲᠦᠷᠭᠡᠨ ᠱᠤᠭᠤᠮ ᠢ ᠪᠤᠢ ᠪᠣᠯᠭᠠᠵᠤ᠂ ᠳᠠᠮᠵᠢᠭᠤᠯᠭ᠎ᠠ ᠶᠢᠨ ᠬᠦᠢᠰᠦ ᠶᠢᠨ ᠴᠢᠳᠠᠮᠵᠢ ᠶᠢ | ᠲᠡᠭᠦᠯᠳᠡᠷᠵᠢᠭᠦᠯᠵᠦ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠪᠦᠷᠢᠯᠳᠦᠭᠦᠨ ᠤ ᠭᠤᠣᠯ | ᠱᠤᠭᠤᠮ ᠤᠨ ᠨᠢᠰᠬᠡᠯ ᠤᠨ ᠪᠠᠭᠤᠳᠠᠯ ︵ᠱᠢ ᠵᠢᠶᠠ ᠵᠤᠸᠠᠩ᠂ ᠴᠠᠩᠴᠦ᠋ᠨ᠂ ᠨᠠᠨᠴᠠᠩ︶ ᠤᠨ ᠬᠤᠭᠤᠷᠣᠨᠳᠣᠬᠢ | ᠲᠦᠷᠭᠡᠨ ᠱᠤᠭᠤᠮ ᠢ ᠦᠷᠭᠦᠯᠵᠢᠯᠡᠨ ᠨᠢᠭᠲᠠ ᠪᠣᠯᠭᠠᠵᠤ᠂ ᠶᠡᠷᠦᠩᠬᠡᠢ ᠳᠡᠭᠡᠨ ᠣᠷᠣᠨ ᠤ ᠭᠠᠳᠠᠨᠠᠬᠢ ᠡᠭᠡᠯᠵᠢ ᠶᠢᠨ | ᠨᠢᠰᠬᠡᠯ ᠤᠨ ᠲᠦᠯᠦᠪᠯᠡᠭᠡ ᠶᠢᠨ ᠡᠵᠡᠯᠡᠬᠦ ᠬᠠᠷᠢᠴᠠᠯ ᠠᠳᠠᠯᠢ ᠬᠤᠭᠤᠴᠠᠭᠠᠨ ᠤ ᠬᠢ ᠠᠴᠠ 8.2 ᠵᠠᠭᠤᠨ ᠤ ᠨᠢᠭᠡᠴᠢ | ᠨᠡᠮᠡᠭᠳᠡᠵᠦ᠂ ᠪᠠᠷᠤᠭ 65% ᠳᠤ ᠬᠦᠷᠦᠨ᠎ᠡ᠃ |