ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠠᠮᠢᠯᠠᠭᠤᠯᠬᠤ ᠠᠷᠭ᠎ᠠ ᠮᠠᠶ᠋ᠢᠭ
ᠨᠡᠶᠢᠲᠡᠯᠡᠭᠰᠡᠨ ᠴᠠᠭ᠄
2023/10/24
     ᠨᠢᠭᠡ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ App      ᠳᠣᠣᠷ᠎ᠠ ᠲᠠᠯ᠎ᠠ ᠶᠢᠨ ᠬᠤᠶᠠᠷ ᠬᠡᠮᠵᠢᠯᠲᠦ ᠺᠤᠳ᠋ ᠢ ᠰᠢᠷᠪᠢᠨ ︽ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ App︾ ᠶᠢ ᠪᠠᠭᠤᠯᠭᠠᠨ ᠠᠪᠴᠤ᠂ ᠬᠥᠮᠦᠨ ᠤ ᠴᠢᠷᠠᠶ ᠶᠢᠨ ᠭᠡᠷᠡᠴᠢᠯᠡᠯᠲᠡ ᠶᠢ ᠪᠡᠶᠡᠯᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ᠂ APP ᠶᠢᠨ ᠲᠦᠷᠦᠭᠦᠤ ᠨᠢᠭᠤᠷ ᠠᠴᠠ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠠᠪᠴᠤ ᠪᠣᠯᠤᠨ᠎ᠠ᠃
     ᠬᠤᠶᠠᠷ᠂ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ App      ᠳᠣᠣᠷ᠎ᠠ ᠲᠠᠯ᠎ᠠ ᠶᠢᠨ ᠬᠤᠶᠠᠷ ᠬᠡᠮᠵᠢᠯᠲᠦ ᠺᠣᠳ᠋ ᠢ ᠰᠢᠷᠪᠢᠨ ︽ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ App︾ ᠶᠢ ᠪᠠᠭᠤᠯᠭᠠᠨ ᠠᠪᠴᠤ᠂ ᠬᠥᠮᠦᠨ ᠤ ᠴᠢᠷᠠᠶ ᠶᠢᠨ ᠭᠡᠷᠡᠴᠢᠯᠡᠯᠲᠡ ᠶᠢ ᠪᠡᠶᠡᠯᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ᠂ App ᠶᠢᠨ ᠲᠦᠷᠦᠭᠦᠤ ᠨᠢᠭᠤᠷ ᠠᠴᠠ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠠᠪᠴᠤ ᠪᠣᠯᠤᠨ᠎ᠠ᠃
     ᠭᠤᠷᠪᠠ᠂ ᠮᠦᠩᠬᠡ ᠰᠤᠪᠠᠭ App      ᠳᠣᠣᠷ᠎ᠠ ᠲᠠᠯ᠎ᠠ ᠶᠢᠨ ᠬᠤᠶᠠᠷ ᠬᠡᠮᠵᠢᠯᠲᠦ ᠺᠣᠳ᠋ ᠢ ᠰᠢᠷᠪᠢᠨ ︽ᠮᠦᠩᠬᠡ ᠰᠤᠪᠠᠭ App︾ ᠶᠢ ᠪᠠᠭᠤᠯᠭᠠᠨ ᠠᠪᠴᠤ᠂ ᠨᠢᠭᠤᠷ ᠤᠨ ᠵᠢᠭᠠᠯᠲᠠ ᠶᠢ ᠦᠨᠳᠦᠰᠦᠯᠡᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠪᠠ ᠬᠥᠮᠦᠨ ᠤ ᠴᠢᠷᠠᠶ ᠶᠢ ᠰᠢᠯᠭᠠᠨ ᠪᠠᠲᠤᠯᠠᠭᠰᠠᠨ ᠤ ᠳᠠᠷᠠᠭ᠎ᠠ᠂ ᠲᠦᠷᠦᠭᠦᠤ ᠨᠢᠭᠤᠷ ᠤᠨ ︽ᠡᠯᠧᠺᠲᠷᠣᠨ ᠺᠠᠷᠲ︾ ᠳᠣᠲᠣᠷ᠎ᠠ ᠠᠴᠠ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠠᠪᠴᠤ ᠪᠣᠯᠤᠨ᠎ᠠ᠃
     ᠳᠥᠷᠪᠡ᠂ ᠸᠢᠴᠠᠲ      ᠸᠢᠴᠠᠲ ᠢ ᠬᠠᠶᠢᠬᠤ ᠶᠢᠨ ᠬᠠᠮᠲᠤ ︽ᠮᠢᠨᠦ ᠡᠮ ᠡᠮᠨᠡᠯᠭᠡ ᠶᠢᠨ ᠳᠠᠭᠠᠳᠬᠠᠯ ᠤᠨ ᠭᠡᠷᠡᠴᠢ ᠪᠠᠷᠢᠮᠲᠠ︾ ᠶᠢᠨ ᠵᠢᠵᠢᠭ ᠫᠷᠤᠭ᠍ᠷᠠᠮ ᠳᠤ ᠣᠷᠣᠭᠰᠠᠨ ᠤ ᠳᠠᠷᠠᠭ᠎ᠠ ᠨᠢᠭᠤᠷ ᠤᠨ ᠰᠠᠨᠠᠭᠤᠯᠤᠮᠵᠢ ᠶᠢ ᠦᠨᠳᠦᠰᠦᠯᠡᠨ ᠡᠷᠬᠡ ᠣᠯᠭᠤᠯᠲᠠ ᠶᠢ ᠪᠡᠶᠡᠯᠡᠭᠦᠯᠪᠡᠯ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠢᠳᠡᠪᠬᠢᠵᠢᠭᠦᠯᠵᠦ ᠪᠣᠯᠤᠨ᠎ᠠ᠃        ᠲᠣᠭᠠᠴᠠᠭ᠎ᠠ ᠡᠷᠳᠡᠨᠢ      ᠲᠣᠭᠠᠴᠠᠭ᠎ᠠ ᠡᠷᠳᠡᠨᠢ ᠶᠢᠨ ᠲᠦᠷᠦᠭᠦᠤ ᠨᠢᠭᠤᠷ ᠠᠴᠠ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ︾ ᠶᠢ ᠡᠷᠢᠵᠦ᠂ ᠳᠠᠷᠠᠭ᠎ᠠ ᠳᠤᠨᠢ ᠠᠮᠢᠯᠠᠭᠤᠯᠤᠭᠰᠠᠨ ᠬᠠᠭᠤᠳᠠᠰᠤᠨ ᠳᠤ ᠣᠷᠣᠬᠤ ᠶᠢ ᠳᠠᠷᠤᠵᠤ᠂ ᠵᠢᠭᠠᠯᠲᠠ ᠶᠢ ᠦᠨᠳᠦᠰᠦᠯᠡᠨ ᠬᠥᠮᠦᠨ ᠤ ᠵᠢᠰᠦ ᠶᠢ ᠢᠯᠭᠠᠨ ᠲᠠᠨᠢᠬᠤ ᠭᠡᠷᠡᠴᠢᠯᠡᠯᠲᠡ ᠶᠢ ᠪᠡᠶᠡᠯᠡᠭᠦᠯᠪᠡᠯ ᠳᠠᠷᠤᠶ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠠᠪᠴᠤ ᠪᠣᠯᠤᠨ᠎ᠠ᠃      ᠳᠡᠭᠡᠷᠡᠬᠢ ᠠᠷᠭ᠎ᠠ ᠨᠤᠭᠤᠳ ᠠᠴᠠ ᠭᠠᠳᠠᠨ᠎ᠠ᠂ ᠲᠦᠷᠭᠡᠨ ᠲᠦᠯᠦᠬᠦ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ App᠂ ᠲᠠᠷᠢᠶᠠᠯᠠᠩ ᠤᠨ ᠪᠠᠩᠬᠢ ᠶᠢᠨ App᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ App ᠵᠡᠷᠭᠡ ᠲᠠᠪᠴᠠᠩ ᠢᠶᠠᠷ ᠳᠠᠮᠵᠢᠭᠤᠯᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠠᠮᠢᠯᠠᠭᠤᠯᠤᠨ ᠠᠪᠴᠤ ᠪᠣᠯᠤᠨ᠎ᠠ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ      
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号