ᠢᠦᠢ ᠴᠢᠤᠸᠠᠨ ᠲᠣᠭᠤᠷᠢᠭ ᠤᠨ 2023 ᠣᠨ ᠤ ᠠᠮᠢᠳᠤᠯᠢᠭ ᠢᠶᠠᠷ ᠠᠵᠢᠯ ᠤᠯᠤᠭᠰᠠᠨ ᠬᠤᠪᠢ ᠬᠦᠮᠦᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠬᠢᠨᠠᠨ ᠲᠣᠭᠲᠠᠭᠠᠬᠤ ᠠᠵᠢᠯ ᠤᠷᠤᠭᠰᠢᠲᠠᠢ ᠡᠬᠢᠯᠡᠪᠡ
ᠨᠡᠶᠢᠲᠡᠯᠡᠭᠰᠡᠨ ᠴᠠᠭ᠄
2023/10/7
      2023 ᠣᠨ ᠤ ᠬᠤᠪᠢ ᠶᠢᠨ ᠠᠮᠢᠳᠤᠯᠢᠭ ᠢᠶᠠᠷ ᠠᠵᠢᠯ ᠣᠯᠣᠭᠰᠠᠳ ᠢ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠢ ᠤᠷᠤᠭᠰᠢᠲᠠᠢ ᠥᠷᠨᠢᠭᠦᠯᠬᠦ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠳᠠᠭᠠᠳᠬᠠᠯ ᠳᠤ ᠣᠷᠣᠯᠴᠠᠭᠰᠠᠳ ᠤᠨ ᠲᠤᠬᠠᠢ ᠶᠢᠨ ᠭᠠᠵᠠᠷ ᠲᠠᠭᠠᠨ ᠰᠦᠢᠳᠬᠡᠯ ᠲᠤᠰᠢᠶᠠᠬᠤ ᠭᠠᠷ ᠭᠦᠢᠴᠡᠳᠬᠡᠯ ᠬᠢᠬᠦ ᠳᠤ ᠲᠥᠬᠦᠮ ᠦᠵᠡᠭᠦᠯᠦᠨ᠂ ᠰᠢᠬᠠᠯᠳᠤᠨ ᠮᠥᠷᠯᠡᠬᠦ ᠦᠵᠡᠭᠳᠡᠯ ᠭᠠᠷᠬᠤ ᠠᠴᠠ ᠵᠠᠶᠢᠯᠠᠰᠬᠢᠬᠦ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠠᠵᠢᠯᠲᠠᠳ ︽ᠲᠠᠪᠤ ᠶᠢ ᠤᠷᠢᠳᠴᠢᠯᠠᠨ ᠪᠡᠯᠡᠳᠬᠡᠬᠦ︾ ᠠᠵᠢᠯ ᠢ ᠥᠷᠨᠢᠭᠦᠯᠵᠦ᠂ ᠦᠨᠡᠨ ᠬᠦ ᠭᠦᠢᠴᠡᠳ ᠪᠡᠯᠡᠳᠬᠡᠯ ᠬᠢᠪᠡ᠃
     ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠬᠢᠨᠠᠨ ᠲᠣᠭᠲᠠᠭᠠᠬᠤ ᠯᠤᠭ᠎ᠠ ᠬᠠᠮᠢᠶ᠎ᠠ ᠪᠦᠬᠦᠢ ᠶᠠᠷᠢᠯᠴᠠᠬᠤ ᠪᠠ ᠰᠣᠯᠢᠯᠴᠠᠬᠤ ᠶᠢ ᠤᠷᠢᠳᠴᠢᠯᠠᠨ ᠬᠠᠷᠢᠭᠤᠴᠠᠵᠤ᠂ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠬᠡᠬᠦ ᠴᠤᠪᠤᠷᠠᠯ ᠢ ᠡᠵᠡᠮᠰᠢᠨ᠂ ᠲᠤᠬᠠᠶᠢᠯᠠᠭᠰᠠᠨ ᠠᠵᠢᠯ ᠢ ᠬᠠᠷᠭᠤᠭᠤᠯᠬᠤ ᠳᠤ ᠲᠥᠷᠥ ᠶᠢᠨ ᠪᠤᠳᠤᠯᠭ᠎ᠠ ᠶᠢᠨ ᠤᠨᠤᠯ ᠤᠨ ᠵᠢᠯᠤᠭᠤᠳᠤᠯᠭ᠎ᠠ ᠶᠢ ᠰᠠᠶᠢᠲᠤᠷ ᠬᠢᠨ᠎ᠡ᠃
     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠠᠢ ᠤᠷᠢᠳᠴᠢᠯᠠᠨ ᠵᠣᠯᠭᠠᠭᠤᠯᠵᠤ᠂ ᠰᠦᠯᠵᠢᠶᠡᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠰᠦᠯᠵᠢᠶᠡᠨ ᠤ ᠴᠥᠷᠬᠡᠯᠡᠭᠡ ᠶᠢ ᠲᠤᠷᠰᠢᠨ ᠲᠣᠬᠢᠷᠠᠭᠤᠯᠵᠤ᠂ ᠰᠢᠰᠲ᠋ᠧᠮ ᠤᠨ ᠲᠠᠪᠴᠠᠩ ᠤᠨ ᠳᠠᠩᠰᠠᠯᠠᠯᠲᠠ ᠳᠤ ᠰᠠᠶᠢᠲᠤᠷ ᠪᠡᠯᠡᠳᠬᠡᠯ ᠬᠢᠨ᠎ᠡ᠃      ᠭᠤᠣᠯ ᠴᠤᠩᠬᠤᠪᠴᠢ ᠶᠢᠨ ᠠᠵᠢᠯᠲᠠᠨ᠂ ᠡᠯ᠎ᠡ ᠪᠠᠯᠭᠠᠰᠤᠨ ᠤ ᠠᠯᠪᠠᠨ ᠭᠡᠷ ᠤᠨ 10 ᠦᠨᠳᠦᠰᠦᠨ ᠱᠠᠲᠤᠨ ᠤ ᠲᠣᠣᠷ ᠴᠡᠭ ᠤᠨ ᠭᠠᠷᠲᠠᠨ ᠭᠦᠢᠴᠡᠳᠭᠡᠭᠴᠢ ᠳᠤ ᠤᠷᠢᠳᠴᠢᠯᠠᠨ ᠣᠨᠣᠯ ᠤᠨ ᠲᠥᠷᠥ ᠶᠢᠨ ᠪᠣᠳᠣᠯᠭ᠎ᠠ ᠪᠠ ᠰᠢᠰᠲ᠋ᠧᠮ ᠤᠨ ᠪᠣᠳᠠᠲᠤ ᠪᠣᠯᠪᠠᠰᠤᠷᠠᠯ ᠤᠨ ᠪᠣᠯᠪᠠᠰᠤᠷᠠᠭᠤᠯᠤᠯ ᠬᠢᠵᠦ᠂ ᠲᠠᠩᠰᠠᠨ ᠨᠣᠮᠧᠷ ᠢ ᠳᠠᠬᠢᠨ ᠡᠮᠬᠢᠯᠡᠵᠦ᠂ ᠳᠠᠩᠰᠠᠯᠠᠬᠤ ᠡᠷᠬᠡ ᠮᠡᠳᠡᠯ ᠤᠨ ᠬᠡᠪᠴᠢᠶ᠎ᠡ ᠶᠢ ᠭᠥᠯᠢᠶᠡᠨ ᠠᠪᠴᠤ ᠰᠢᠢᠳᠪᠦᠷᠢᠯᠡᠨ᠂ ᠡᠯ᠎ᠡ ᠴᠤᠩᠬᠤᠪᠴᠢ ᠶᠢᠨ ᠠᠵᠢᠯᠲᠠᠨ ᠤ ᠠᠵᠢᠯᠯᠠᠭᠠᠨ ᠤ ᠲᠤᠬᠠᠶᠢᠯᠠᠭᠰᠠᠨ ᠠᠵᠢᠯ ᠢᠶᠠᠨ ᠲᠦᠷᠭᠡᠨ ᠡᠵᠡᠮᠰᠢᠬᠦ ᠳᠤ ᠭᠦᠢᠴᠡᠳ ᠪᠡᠯᠡᠳᠬᠡᠯ ᠬᠢᠭᠰᠡᠨ ᠪᠠᠶᠢᠨ᠎ᠠ᠃      ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ᠂ ᠨᠠᠶᠢᠵᠠ ᠶᠢᠨ ᠲᠣᠭᠤᠷᠢᠭ᠂ ᠡᠯ᠎ᠡ ᠪᠠᠯᠭᠠᠰᠤᠨ ᠤ ᠡᠷᠭᠢᠯᠡᠭᠰᠡᠨ ᠲᠤᠤᠷᠵᠢᠭᠰᠠᠨ ᠬᠠᠮᠢᠶᠠᠷᠤᠯᠲᠠ ᠶᠢᠨ ᠠᠵᠢᠯᠲᠠᠨ ᠤ ᠸᠢᠴᠠᠲ ᠤᠨ ᠠᠵᠢᠯ ᠤᠨ ᠪᠦᠯᠦᠭᠯᠡᠯ ᠢᠶᠠᠷ ᠳᠠᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠲᠤ ᠪᠣᠳᠠᠲᠠᠢ ᠭᠦᠢᠴᠡᠳᠬᠡᠬᠦ ᠶᠠᠪᠤᠴᠠ᠂ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ ᠵᠡᠷᠭᠡ ᠮᠡᠳᠡᠭᠡ ᠵᠠᠩᠭᠢ ᠶᠢ ᠤᠬᠠᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ 2023 ᠣᠨ ᠤ ᠬᠠᠷᠭᠤᠭᠤᠯᠬᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ︽ᠬᠠᠷᠢᠶᠠᠲᠤ ᠣᠷᠣᠨ ᠠᠴᠠ ᠪᠠᠨ ᠭᠠᠷᠬᠤ ᠦᠭᠡᠢ︾ ᠪᠠᠶᠢᠳᠠᠯ ᠳᠤ ᠰᠢᠬᠠᠯᠳᠤᠬᠤ ᠠᠴᠠ ᠵᠠᠶᠢᠯᠠᠰᠬᠢᠵᠦ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠰᠠᠶᠢᠲᠤᠷ ᠪᠡᠯᠡᠳᠬᠡᠯ ᠬᠢᠭᠰᠡᠨ ᠪᠠᠶᠢᠨ᠎ᠠ᠃      ᠥᠩᠭᠡᠷᠡᠭᠰᠡᠨ ᠵᠢᠯ ᠤᠳ ᠤᠨ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠳᠤᠮᠳᠠ ᠲᠣᠬᠢᠶᠠᠯᠳᠤᠭᠰᠠᠨ ᠠᠰᠠᠭᠤᠳᠠᠯ ᠳᠤ ᠤᠷᠢᠳᠴᠢᠯᠠᠨ ᠨᠠᠷᠢᠨ ᠨᠢᠮᠪᠠᠢ ᠡᠮᠬᠢᠯᠡᠨ ᠬᠤᠷᠢᠶᠠᠩᠭᠤᠶᠢᠯᠠᠵᠤ ᠵᠠᠳᠠᠯᠤᠯᠲᠠ ᠬᠢᠵᠦ᠂ ᠳᠤᠲᠠᠭᠳᠠᠯ ᠢ ᠪᠠᠶᠢᠴᠠᠭᠠᠨ ᠨᠥᠬᠦᠪᠦᠷᠢᠯᠡᠬᠦ ᠠᠵᠢᠯ ᠢ ᠰᠠᠶᠢᠲᠤᠷ ᠬᠢᠵᠦ᠂ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠢ ᠤᠷᠤᠭᠰᠢᠲᠠᠢ ᠥᠷᠨᠢᠭᠦᠯᠬᠦ ᠳᠤ ᠰᠠᠶᠢᠲᠤᠷ ᠪᠡᠯᠡᠳᠬᠡᠯ ᠬᠢᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠲᠥᠪ ᠠᠴᠠ ︽ᠢᠦᠢ ᠴᠢᠤᠸᠠᠨ ᠲᠣᠭᠤᠷᠢᠭ ᠤᠨ ᠥᠷᠭᠡᠨ ᠣᠯᠠᠨ ᠠᠮᠢᠳᠤᠯᠢᠭ ᠢᠶᠠᠷ ᠠᠵᠢᠯ ᠣᠯᠣᠭᠰᠠᠳ ᠲᠤ ᠥᠭᠭᠦᠭᠰᠡᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠰᠠᠭᠤᠳᠠᠯ ᠤᠨ ᠲᠤᠬᠠᠢ ᠵᠠᠬᠢᠳᠠᠯ︾ ᠢ ᠪᠠᠲᠤᠯᠠᠵᠤ᠂ ᠡᠯ᠎ᠡ ᠪᠠᠯᠭᠠᠰᠤᠨ ᠤ ᠬᠡᠷᠡᠭ ᠡᠷᠬᠢᠯᠡᠬᠦ ᠭᠠᠵᠠᠷ ᠲᠠᠢ ᠳᠠᠭᠠᠭᠠᠴᠢᠯᠠᠨ ᠬᠤᠯᠪᠤᠭᠠᠯᠠᠵᠤ ︽ᠴᠡᠭ ᠠᠴᠠ ᠴᠡᠭ ᠲᠤ︾ ︽ᠪᠡᠶ᠎ᠡ ᠪᠠᠷ ᠢᠶᠠᠨ︾ ᠲᠤᠬᠠᠶᠢᠯᠠᠭᠰᠠᠨ ᠠᠵᠢᠯ ᠢᠶᠠᠨ ᠵᠢᠯᠤᠭᠤᠳᠴᠤ᠂ ᠣᠨᠴᠠᠭᠠᠢ ᠪᠠᠶᠢᠳᠠᠯ ᠳᠤ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠠᠰᠠᠭᠤᠨ ᠯᠠᠪᠯᠠᠬᠤ ᠦᠢᠯᠡᠴᠢᠯᠡᠭᠡᠨ ᠤ ᠲᠠᠪᠴᠠᠩ ᠨᠡᠮᠡᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠲᠥᠭᠡᠷᠢᠭᠳᠡᠯ ᠢ ᠲᠠᠶᠢᠯᠬᠤ ᠵᠡᠷᠭᠡ ᠤᠯᠠᠨ ᠵᠦᠢᠯ ᠤᠨ ᠦᠢᠯᠡᠴᠢᠯᠡᠭᠡᠨ ᠤ ᠠᠷᠭ᠎ᠠ ᠪᠠᠷᠢᠯ ᠢ ᠬᠡᠷᠡᠭᠯᠡᠵᠦ᠂ ᠴᠤᠩᠬᠤᠪᠴᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠤᠳᠠ ᠶᠢᠨ ᠠᠷᠠᠳ ᠢ ︽ᠵᠦᠭᠡᠷ ᠭᠦᠶᠦᠯᠭᠡᠬᠦ ᠦᠭᠡᠢ᠂ ᠬᠤᠭᠤᠰᠤᠨ ᠭᠦᠶᠦᠯᠭᠡᠬᠦ ᠦᠭᠡᠢ︾ ᠪᠠᠶᠢᠬᠤ ᠶᠢ ᠰᠠᠶᠢᠲᠤᠷ ᠬᠢᠵᠦ᠂ ︽ᠪᠠᠶᠠᠷᠯᠠᠨ ᠢᠷᠡᠵᠦ ᠬᠠᠨᠤᠮᠵᠢᠲᠠᠢ ᠪᠠᠷ ᠪᠤᠴᠠᠵᠤ︾᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠢᠴᠡᠳ ᠦᠢᠯᠡᠳᠦᠯᠭᠡᠵᠢᠭᠦᠯᠵᠦ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠪᠠᠷ ᠴᠢᠷᠮᠠᠶᠢᠨ᠎ᠠ᠃             ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号