ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠰᠠᠭᠤᠭᠠᠯᠢ ᠠᠷᠠᠳ ᠤᠨ ᠨᠠᠷᠠᠪᠴᠢ ᠶᠢᠨ ᠤᠰᠤ ᠲᠠᠲᠠᠷᠠᠭᠤᠯᠬᠤ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/10/9
     ᠣᠶᠢᠷ᠎ᠠ ᠳᠤ᠂ ᠰᠠᠭᠤᠭᠠᠯᠢ ᠠᠷᠠᠳ ᠯᠢ ᠨᠠᠰᠤᠲᠠᠨ ᠣᠷᠳᠣᠰ ᠵᠠᠮ ᠤᠨ ᠵᠡᠭᠡᠯᠢ ᠭᠤᠳᠤᠮᠵᠢ ᠶᠢᠨ ᠺᠠᠩ ᠵᠢᠤᠢ ᠨᠡᠶᠢᠭᠡᠮ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠦᠢᠯᠡᠴᠢᠯᠡᠭᠡᠨ ᠤ ᠴᠡᠭ ᠲᠤ ᠬᠦᠷᠴᠦ᠂ ᠠᠵᠢᠯᠲᠠᠳ ᠲᠤ ᠥᠪᠡᠷ ᠤᠨ ᠬᠡᠷ ᠤᠨ ᠨᠠᠷᠠᠪᠴᠢ ᠶᠢᠨ ᠤᠰᠤ ᠲᠠᠲᠠᠷᠠᠭᠤᠯᠬᠤ ᠬᠤᠭᠤᠯᠠᠶ ᠪᠥᠭᠯᠡᠷᠡᠵᠦ᠂ ᠪᠣᠷᠣᠭᠠᠨ ᠤ ᠤᠰᠤ ᠪᠢᠯᠬᠠᠵᠤ᠂ ᠬᠡᠷ ᠤᠨ ᠶᠠᠭᠤᠮ᠎ᠠ ᠬᠡᠤᠮ᠎ᠡ ᠨᠢ ᠴᠥᠮ ᠤᠰᠤᠨ ᠳᠤ ᠠᠪᠲᠠᠭᠰᠠᠨ ᠭᠡᠵᠦ ᠲᠤᠰᠬᠠᠵᠤ᠂ ᠨᠡᠶᠢᠭᠡᠮ ᠲᠣᠭᠤᠷᠢᠭ ᠠᠴᠠ ᠲᠤᠰᠠᠯᠠᠮᠵᠢ ᠭᠤᠶᠤᠪᠠ᠃ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠠᠰᠠᠭᠤᠳᠠᠯ ᠢ ᠬᠢᠨᠠᠨ ᠬᠠᠷᠭᠤᠭᠤᠯᠵᠤ᠂ ᠰᠠᠨᠠᠭᠠᠴᠢᠯᠠᠭ᠎ᠠ ᠠᠴᠠ ᠪᠠᠨ ᠲᠡᠭᠦᠨ ᠳᠤ ᠲᠤᠰ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ ᠭᠦᠢᠴᠡᠳᠬᠡᠵᠦ ᠥᠭᠴᠡᠶ᠃
     ᠲᠤᠰ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠶᠢᠨ ᠲᠥᠯᠥᠭᠡ᠂ ᠣᠷᠣᠯᠠᠨ ᠭᠦᠢᠴᠡᠳᠬᠡᠭᠴᠢ ᠠᠳᠠᠯ ᠠᠬᠤᠶ ᠶᠢᠨ ᠺᠣᠮᠫᠠᠨᠢ ᠲᠠᠢ ᠢᠳᠡᠪᠬᠢᠲᠡᠶ ᠬᠠᠷᠢᠯᠴᠠᠵᠤ᠂ ᠠᠳᠠᠯ ᠠᠬᠤᠶ ᠶᠢᠨ ᠠᠵᠢᠯᠳᠠᠨ ᠳᠤ ᠪᠠᠶᠢᠳᠠᠯ ᠢ ᠲᠣᠳᠣᠷᠬᠠᠶᠢᠯᠠᠭᠰᠠᠨ ᠳᠤ᠂ ᠠᠳᠠᠯ ᠠᠬᠤᠶ ᠶᠢᠨ ᠢᠨᠵᠧᠨᠧᠷᠢᠩ ᠤᠨ ᠬᠡᠯᠲᠡᠰ ᠤᠨ ᠡᠷᠬᠢᠯᠡᠨ ᠬᠠᠮᠢᠶᠠᠷᠤᠭᠴᠢ ᠲᠡᠷᠡ ᠳᠠᠷᠤᠶ ᠳᠤᠨᠢ ᠭᠡᠷ ᠲᠤᠨᠢ ᠬᠦᠷᠴᠦ ᠤᠰᠤ ᠭᠤᠭᠤᠵᠢᠭᠰᠠᠨ ᠰᠢᠯᠲᠠᠭᠠᠨ ᠢ ᠦᠵᠡᠵᠦ᠂ ᠨᠠᠷᠠᠪᠴᠢ ᠶᠢᠨ ᠤᠰᠤ ᠲᠠᠲᠠᠷᠠᠭᠤᠯᠬᠤ ᠬᠤᠭᠤᠯᠠᠶ ᠪᠥᠭᠯᠡᠷᠡᠭᠰᠡᠨ ᠢᠶᠠᠷ ᠲᠣᠭᠲᠠᠭᠠᠵᠤ᠂ ᠠᠳᠠᠯ ᠠᠬᠤᠶ ᠲᠠᠢ ᠵᠥᠪᠳᠡᠯᠴᠡᠭᠰᠡᠨ ᠤ ᠲᠠᠷᠠᠭ᠎ᠠ᠂ ᠠᠳᠠᠯ ᠠᠬᠤᠶ ᠨᠢ ᠲᠡᠷᠡ ᠳᠠᠷᠤᠶ ᠳᠤᠨᠢ ᠢᠨᠵᠧᠨᠧᠷᠢᠩ ᠤᠨ ᠬᠡᠯᠲᠡᠰ ᠤᠨ ᠪᠠᠭᠰᠢ ᠶᠢ ᠲᠣᠬᠢᠷᠠᠭᠤᠯᠤᠨ ᠰᠡᠯᠪᠢᠨ ᠵᠠᠰᠠᠬᠤ ᠠᠵᠢᠯ ᠢ ᠥᠷᠨᠢᠭᠦᠯᠦᠭᠡᠳ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠠᠮᠵᠢᠯᠲᠠ ᠲᠠᠢ ᠪᠠᠷ ᠰᠢᠢᠳᠪᠦᠷᠢᠯᠡᠪᠡ᠃
     ᠤᠯᠠᠨ ᠲᠦᠮᠡᠨ ᠤ ᠶᠠᠪᠤᠳᠠᠯ ᠳᠤ ᠪᠠᠭ᠎ᠠ ᠶᠠᠪᠤᠳᠠᠯ ᠭᠡᠵᠦ ᠠᠯᠠᠭ᠎ᠠ᠃ ᠺᠠᠩ ᠵᠢᠤᠢ ᠨᠡᠶᠢᠭᠡᠮ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠴᠡᠭ ᠤᠨ ᠬᠦᠴᠦᠯᠡᠬᠦ ᠴᠡᠭ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠠᠩᠬᠠᠨ ᠤ ᠬᠤᠭᠤᠴᠠᠭᠠᠨ ᠳᠤ ᠠᠷᠢᠯᠭᠠᠬᠤ ᠳᠡᠭᠡᠷ᠎ᠡ ᠲᠠᠯᠪᠢᠵᠤ᠂ ᠤᠯᠠᠨ ᠲᠦᠮᠡᠨ ᠢ ︽ᠬᠠᠮᠤᠭ ᠤᠯᠠᠨ ᠳᠠᠭᠠᠨ ᠨᠢᠭᠡ ᠤᠳᠠᠭ᠎ᠠ ᠭᠦᠶᠦᠯᠭᠡᠵᠦ᠂ ᠬᠠᠮᠤᠭ ᠰᠠᠶᠢᠨ ᠨᠢ ᠭᠦᠶᠦᠬᠦ ᠦᠭᠡᠢ ᠪᠠᠶᠢᠯᠭᠠᠬᠤ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ︽ᠤᠯᠠᠨ ᠲᠦᠮᠡᠨ ᠠᠮᠠ ᠬᠥᠳᠡᠯᠵᠦ᠂ ᠺᠠᠳ᠋ᠷ ᠭᠦᠶᠦᠬᠦ︾ ᠠᠷᠭ᠎ᠠ ᠬᠡᠯᠪᠡᠷᠢ ᠪᠠᠷ ᠵᠠᠬᠢᠳᠠᠯ ᠰᠤᠷᠪᠤᠯᠵᠢᠯᠠᠭ᠎ᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ︽ᠬᠠᠮᠤᠭ ᠤᠯᠠᠨ ᠳᠠᠭᠠᠨ ᠨᠢᠭᠡ ᠤᠳᠠᠭ᠎ᠠ ᠲᠤᠰᠬᠠᠬᠤ︾ ᠵᠠᠰᠠᠯᠲᠠ ᠶᠢᠨ ᠠᠷᠭ᠎ᠠ ᠬᠡᠯᠪᠡᠷᠢ ᠶᠢ ᠲᠠᠰᠤᠷᠠᠯᠳᠡ ᠦᠭᠡᠢ ᠪᠠᠬᠢᠵᠢᠭᠦᠯᠦᠨ ᠳᠡᠭᠡᠭᠰᠢᠯᠡᠭᠦᠯᠦᠨ᠎ᠡ᠃           ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号