ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ︽ᠳᠤᠲᠠᠭᠤ ᠶᠢ ᠠᠭᠤᠴᠢᠯᠠᠵᠤ ᠭᠥᠯᠢᠶᠡᠨ ᠠᠪᠴᠤ  ᠰᠢᠢᠳᠪᠦᠷᠢᠯᠡᠨ ᠣᠯᠠᠨ ᠲᠦᠮᠡᠨ ᠳᠤ ᠲᠥᠬᠦᠮ ᠦᠵᠡᠭᠦᠯᠵᠦ ᠴᠠᠭ ᠢ ᠬᠤᠶᠢᠰᠢᠯᠠᠭᠤᠯᠬᠤ ᠦᠢᠯᠡᠴᠢᠯᠡᠭᠡ ᠨᠢ ᠬᠥᠮᠦᠰ ᠤᠨ ᠰᠡᠳᠭᠢᠯ ᠢ ᠳᠤᠯᠠᠭᠠᠴᠠᠭᠤᠯᠤᠨ᠎ᠠ︾
ᠨᠡᠶᠢᠲᠡᠯᠡᠭᠰᠡᠨ ᠴᠠᠭ᠄
2023/10/9
     ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ  ᠳᠡᠭᠡᠭᠰᠢᠯᠡᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠳᠤᠲᠠᠭᠤ ᠶᠢ ᠠᠭᠤᠴᠢᠯᠠᠬᠤ ᠬᠢᠨᠠᠨ ᠵᠥᠪᠰᠢᠶᠡᠷᠡᠬᠦ ᠲᠦᠷᠢᠮ ᠢ ᠬᠡᠷᠡᠭᠵᠢᠭᠦᠯᠵᠦ᠂ ᠣᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠵᠠᠰᠠᠭ ᠤᠨ ᠶᠠᠪᠤᠳᠠᠯ ᠤᠨ  ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠪᠣᠶ ᠪᠤᠯᠭᠠᠨ᠎ᠠ᠃ ᠣᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠵᠦᠢᠯ ᠢ ᠪᠣᠳᠣᠯᠬᠢᠯᠠᠨ᠂ ᠳᠤᠲᠠᠭᠤ ᠶᠢ ᠠᠭᠤᠴᠢᠯᠠᠵᠤ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡ ᠶᠢ ᠶᠡᠭᠡ ᠪᠠᠷ ᠬᠡᠷᠡᠭᠵᠢᠭᠦᠯᠵᠦ᠂ ︽ᠴᠠᠭ ᠢ ᠬᠤᠶᠢᠰᠢᠯᠠᠭᠤᠯᠬᠤ ᠦᠢᠯᠡᠴᠢᠯᠡᠭᠡ︾ ᠬᠠᠩᠭᠠᠵᠤ᠂ ᠠᠵᠤ ᠠᠬᠤᠶᠢᠯᠠᠯ ᠤᠨ ᠣᠯᠠᠨ ᠲᠦᠮᠡᠨ ᠳᠤ ᠲᠥᠬᠦᠮ ᠦᠵᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠳᠥᠭᠦᠮ ᠳᠥᠲᠡ᠂ ᠨᠠᠩ ᠬᠠᠯᠠᠭᠤᠨ ᠳᠤᠯᠠᠭᠠᠨ ᠪᠣᠯᠭᠠᠬᠤ ᠬᠡᠷᠡᠭᠲᠡᠶ᠃
     ︽ᠴᠠᠭ ᠢ ᠬᠤᠶᠢᠰᠢᠯᠠᠭᠤᠯᠬᠤ ᠦᠢᠯᠡᠴᠢᠯᠡᠭᠡ + ᠳᠤᠲᠠᠭᠤ ᠶᠢ ᠠᠭᠤᠴᠢᠯᠠᠵᠤ ᠭᠥᠯᠢᠶᠡᠨ ᠠᠪᠴᠤ ᠰᠢᠢᠳᠪᠦᠷᠢᠯᠡᠬᠦ︾ ᠪᠣᠯ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠶᠢᠨ ᠬᠤᠷᠢᠶᠠᠩᠭᠤᠢ ᠳᠦᠷᠰᠦ ᠪᠣᠯᠤᠨ᠎ᠠ᠃ ᠠᠵᠤ ᠠᠬᠤᠶᠢᠯᠠᠯ ᠪᠠ ᠣᠯᠠᠨ ᠲᠦᠮᠡᠨ ᠬᠡᠷᠡᠭᠴᠡᠭᠡ ᠲᠠᠢ ᠯᠡ ᠶᠤᠮ ᠪᠣᠯ ᠪᠣᠯᠵᠣᠨ ᠲᠣᠭᠲᠠᠬᠤ ᠪᠤᠶᠤ ᠦᠢᠯᠡᠴᠢᠯᠡᠬᠦ ᠴᠠᠭ ᠢᠶᠠᠨ ᠬᠤᠶᠢᠰᠢᠯᠠᠭᠤᠯᠬᠤ ᠪᠠᠷ ᠭᠤᠶᠤᠴᠢᠯᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠣᠯᠠᠨ ᠶᠠᠩᠵᠤᠴᠢᠯᠠᠯᠲᠠ ᠶᠢ ᠪᠡᠶᠡᠯᠡᠭᠦᠯᠬᠦ ᠬᠡᠷᠡᠭᠲᠡᠶ᠃ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠵᠦᠢᠯᠡᠰ ᠤᠨ ᠳᠤᠲᠠᠭᠤ ᠶᠢ ᠠᠭᠤᠴᠢᠯᠠᠵᠤ ᠭᠥᠯᠢᠶᠡᠨ ᠠᠪᠴᠤ ᠰᠢᠢᠳᠪᠦᠷᠢᠯᠡᠬᠦ ᠪᠠ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠶᠢ ᠶᠡᠬᠡᠪᠡᠷ ᠬᠡᠷᠡᠭᠵᠢᠭᠦᠯᠵᠦ᠂ ᠤᠷᠢᠳᠠᠪᠠᠷ ᠭᠥᠯᠢᠶᠡᠨ ᠠᠪᠴᠤ ᠬᠢᠨᠠᠨ ᠪᠠᠶᠢᠴᠠᠭᠠᠵᠤ᠂ ᠬᠤᠭᠤᠴᠠᠭ᠎ᠠ ᠬᠢᠵᠠᠭᠠᠷᠯᠠᠨ ᠮᠠᠲ᠋ᠧᠷᠢᠶᠠᠯ ᠢ ᠨᠥᠬᠦᠪᠥᠷᠢᠯᠡᠨ ᠵᠠᠯᠠᠷᠠᠭᠤᠯᠵᠤ᠂ ᠳᠤᠲᠠᠭᠤ ᠪᠣᠯᠬᠤ ᠮᠠᠲ᠋ᠧᠷᠢᠶᠠᠯ ᠳᠤᠲᠠᠭᠤᠳᠠᠬᠤ ᠵᠡᠷᠭᠡ ᠵᠠᠷᠢᠮ ᠲᠦᠷ ᠴᠠᠭ ᠤᠨ ᠴᠢᠨᠠᠷᠲᠠᠶ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠠᠵᠤ ᠠᠬᠤᠶᠢᠯᠠᠯ ᠤᠨ ᠣᠯᠠᠨ ᠲᠦᠮᠡᠨ ᠤ ᠤᠨᠴᠠᠭᠠᠢ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ ︽ᠠᠰᠠᠷᠠᠭᠴᠢ ᠮᠠᠶ᠋ᠢᠭ︾ ᠤᠨ ᠦᠢᠯᠡᠴᠢᠯᠡᠭᠡᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠠᠵᠢᠯ ᠶᠠᠪᠤᠳᠠᠯ ᠭᠦᠢᠴᠡᠳᠭᠡᠬᠦ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠥᠲᠥᠯᠦᠨ ᠵᠢᠯᠣᠭᠤᠳᠬᠤ᠂ ᠬᠠᠪᠰᠤᠷᠤᠨ ᠭᠦᠢᠴᠡᠳᠭᠡᠬᠦ᠂ ᠣᠷᠣᠯᠠᠨ ᠭᠦᠢᠴᠡᠳᠭᠡᠬᠦ᠂ ᠵᠡᠷᠭᠡ ᠣᠯᠠᠨ ᠲᠠᠯ᠎ᠠ ᠶᠢᠨ᠂ ᠵᠦᠷᠢᠶᠡᠴᠢᠯᠡᠭᠰᠡᠨ ᠦᠢᠯᠡᠴᠢᠯᠡᠭᠡᠨ ᠢ ᠬᠠᠩᠭᠠᠨ᠎ᠠ᠃ ᠦᠢᠯᠡᠴᠢᠯᠡᠬᠦ ᠳᠤ ᠬᠢᠵᠠᠭᠠᠷ ᠦᠭᠡᠢ ᠪᠠᠶᠢᠵᠤ᠂ ᠤᠯᠠᠨ ᠲᠦᠮᠡᠨ ᠤ ᠲᠥᠯᠥᠭᠡ ᠰᠡᠳᠬᠢᠯ ᠬᠠᠨᠤᠮᠵᠢᠲᠠᠶ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠶᠠᠪᠤᠳᠠᠯ ᠳᠤ ᠪᠠᠴᠢᠮᠳᠠᠵᠤ᠂ ᠤᠯᠠᠨ ᠲᠦᠮᠡᠨ ᠤ ᠬᠡᠷᠡᠭᠴᠡᠭᠡ ᠶᠢ  ᠰᠢᠢᠳᠪᠦᠷᠢᠯᠡᠵᠦ ᠥᠭᠬᠦ ᠬᠡᠷᠡᠭᠲᠡᠶ᠃ ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠠᠴᠠ ᠤᠯᠠᠮ ᠨᠢᠭᠡ ᠠᠯᠬᠤᠮ ᠡᠭᠦᠰᠴᠦ᠂ ᠠᠵᠢᠯ ᠶᠠᠪᠤᠳᠠᠯ ᠭᠦᠢᠴᠡᠳᠭᠡᠬᠦ ᠳᠤ ᠬᠦᠴᠢᠷ ᠠᠰᠠᠭᠤᠳᠠᠯ᠂ ᠪᠡᠷᠬᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠦᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃
               ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号