︵ᠰᠤᠷᠪᠤᠯᠵᠢᠯᠠᠭᠴᠢ ᠶᠦᠨ ᠶᠠᠨ ᠹᠠᠩ︶ 11 ᠳ᠋ᠤᠭᠡᠷ ᠰᠠᠷ᠎ᠠ ᠶᠢᠨ 8 ᠤ ᠡᠳᠦᠷ ᠬᠤᠲᠠ ᠶᠢᠨ ᠵᠠᠮ | ᠬᠠᠷᠢᠯᠴᠠᠭᠠᠨ ᠤ ᠪᠦᠯᠦᠭᠯᠡᠯ ᠠᠴᠠ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠵᠤ ᠪᠠᠶᠢᠭ᠎ᠠ | ᠰᠢᠨᠬᠤᠸᠠ ᠲᠠᠯᠠᠪᠠᠶ ᠶᠢᠨ ᠭᠠᠵᠠᠷ ᠳᠣᠣᠷᠠᠬᠢ ᠲᠡᠷᠭᠡᠨ ᠵᠣᠭᠰᠣᠭᠠᠯ ᠢ ᠵᠢᠩᠬᠢᠨᠢ ᠪᠠᠷ ᠭᠠᠳᠠᠭᠰᠢ ᠨᠡᠭᠡᠭᠡᠪᠡ᠃ | ᠰᠢᠨᠬᠤᠸᠠ ᠲᠠᠯᠠᠪᠠᠢ ᠶᠢᠨ ᠭᠠᠵᠠᠷ ᠳᠣᠣᠷᠠᠬᠢ ᠲᠡᠷᠭᠡᠨ ᠵᠣᠭᠰᠣᠭᠠᠯ ᠨᠢ ᠰᠢᠨᠬᠤᠸᠠ ᠲᠠᠯᠠᠪᠠᠢ ᠶᠢᠨ ᠭᠠᠵᠠᠷ | ᠳᠣᠣᠷᠠᠬᠢ ᠬᠤᠶᠠᠳᠤᠭᠠᠷ ᠳᠠᠪᠬᠤᠷᠯᠢᠭ ᠲᠤ ᠪᠠᠶᠢᠷᠢᠯᠠᠵᠤ᠂ ᠶᠡᠷᠦᠩᠬᠡᠢ ᠲᠠᠯᠠᠪᠠᠢ ᠨᠢ 37545.15 ᠲᠡᠭᠰᠢ | ᠳᠥᠷᠪᠡᠯᠵᠢᠨ ᠮᠧᠲᠷ᠂ ᠪᠦᠲᠦᠴᠡ ᠶᠢᠨ ᠥᠨᠳᠥᠷ ᠨᠢ 4.2 ᠮᠧᠲᠷ᠂ ᠰᠢᠨᠬᠤᠸᠠ ᠲᠠᠯᠠᠪᠠᠢ ᠶᠢᠨ ᠢᠵᠢ | ᠪᠦᠷᠢᠳᠦᠭᠦᠯᠦᠨ ᠪᠠᠶᠢᠭᠤᠯᠤᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠡᠯᠡᠳᠭᠡᠮᠵᠢ ᠪᠣᠯᠣᠨ᠎ᠠ᠂ ᠡᠩ ᠤᠨ | ᠦᠶ᠎ᠡ ᠳᠤ ᠮᠠᠰᠢᠨ ᠲᠡᠷᠭᠡᠨ ᠤ ᠵᠣᠭᠰᠣᠭᠠᠯ ᠤᠨ ᠬᠥᠮᠥᠷᠭᠡ ᠪᠣᠯᠭᠠᠨ ᠭᠡᠷᠡᠭᠯᠡᠵᠦ᠂ ᠳᠣᠲᠣᠷ᠎ᠠ ᠨᠢ 600 ᠭᠠᠷᠤᠢ | ᠲᠡᠷᠭᠡᠨ ᠵᠣᠭᠰᠣᠭᠠᠯ ᠭᠠᠷᠭᠠᠵᠤ᠂ ᠣᠷᠣᠵᠤ ᠭᠠᠷᠬᠤ ᠡᠭᠦᠳᠡ ᠶᠢ ᠰᠢᠨᠬᠤᠸᠠ ᠲᠠᠯᠠᠪᠠᠢ ᠶᠢᠨ ᠪᠠᠷᠠᠭᠤᠨ ᠡᠮᠦᠨ᠎ᠡ | ᠲᠠᠯ᠎ᠠ ᠳᠤ ᠲᠣᠬᠢᠷᠠᠭᠤᠯᠵᠠᠢ᠃ ᠲᠡᠷᠭᠡᠨ ᠵᠣᠭᠰᠣᠭᠠᠯ ᠨᠢ ᠵᠥᠩ ᠱᠠᠨ ᠵᠠᠮ ᠤᠨ ᠬᠤᠳᠠᠯᠳᠤᠭᠠᠨ ᠤ ᠲᠣᠭᠤᠷᠢᠭ ᠲᠠᠢ | ᠬᠥᠷᠰᠢᠯᠡᠵᠦ᠂ ᠵᠧᠨ ᠬᠤᠸᠠ ᠲᠠᠯᠠᠪᠠᠶ᠂ ᠸᠧᠢ ᠳ᠋ᠦᠸᠧ ᠯᠢ ᠬᠤᠳᠠᠯᠳᠤᠭᠠᠨ ᠤ ᠠᠰᠠᠷ᠂ ᠬᠠᠢ ᠯᠢᠶᠠᠩ ᠲᠠᠯᠠᠪᠠᠶ᠂ | ᠵᠤᠸᠠᠨ ᠵᠢᠶᠣᠣ ᠭᠤᠳᠤᠮᠵᠢ ᠶᠢᠨ ᠶᠠᠪᠠᠭᠠᠨ ᠵᠡᠭᠡᠯᠢ ᠵᠡᠷᠭᠡ ᠬᠤᠳᠠᠯᠳᠤᠭᠠᠨ ᠤ ᠴᠣᠭᠴᠠ ᠠᠴᠠ ᠠᠰ ᠵᠠᠢ ᠪᠠᠷ ᠵᠠᠭᠤ | ᠭᠠᠷᠦ᠋ᠢᠬᠠᠨ ᠮᠧᠲᠷ ᠵᠠᠶᠢᠲᠠᠢ᠃ | ᠬᠤᠲᠠ ᠶᠢᠨ ᠠᠷᠠᠳ ᠤᠨ ᠲᠡᠷᠭᠡ ᠵᠣᠭᠰᠤᠭᠠᠬᠤ ᠳᠤ ᠨᠠᠩ ᠰᠠᠶᠢᠨ ᠦᠢᠯᠡᠴᠢᠯᠡᠵᠦ᠂ ᠲᠡᠷᠭᠡ ᠵᠣᠭᠰᠣᠬᠤ | ᠪᠠᠶᠢᠷᠢ ᠶᠢ ᠨᠠᠩ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠲᠥᠯᠥᠪᠵᠢᠭᠦᠯᠬᠦ ᠶᠢᠨ ᠲᠥᠯᠥᠭᠡ᠂ ᠰᠢᠨᠬᠤᠸᠠ | ᠲᠠᠯᠠᠪᠠᠶ ᠶᠢᠨ ᠭᠠᠵᠠᠷ ᠳᠣᠣᠷᠠᠬᠢ ᠲᠡᠷᠭᠡᠨ ᠵᠣᠭᠰᠤᠭᠠᠯ ᠢ ᠡᠨᠡ ᠵᠢᠯ ᠤᠨ 4 ᠳ᠋ᠤᠭᠡᠷ ᠰᠠᠷ᠎ᠠ ᠶᠢᠨ 30 ᠤ ᠡᠳᠦᠷ ᠠᠴᠠ | ᠡᠬᠢᠯᠡᠨ ᠰᠦᠢᠳᠬᠡᠯ ᠬᠤᠷᠢᠶᠠᠬᠤ ᠦᠭᠡᠢ ᠪᠠᠷ ᠭᠠᠳᠠᠭᠰᠢ ᠨᠡᠭᠡᠭᠡᠪᠡ᠃ ᠲᠤᠷᠰᠢᠨ ᠡᠵᠡᠩᠨᠡᠬᠦ ᠬᠤᠭᠤᠴᠠᠭᠠᠨ ᠳᠤ᠂ | ᠬᠤᠲᠠ ᠶᠢᠨ ᠵᠠᠮ ᠬᠠᠷᠢᠯᠴᠠᠭᠠᠨ ᠤ ᠪᠦᠯᠦᠭᠯᠡᠯ ᠨᠢ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ | ᠰᠠᠶᠢᠵᠢᠷᠠᠭᠤᠯᠵᠤ᠂ ᠪᠡᠯᠡᠳᠬᠡᠮᠵᠢ ᠲᠥᠬᠦᠭᠡᠷᠦᠮᠵᠢ ᠶᠢ ᠣᠯᠠᠨᠲᠠ ᠲᠣᠬᠢᠷᠠᠭᠤᠯᠤᠨ ᠲᠤᠷᠰᠢᠵᠤ᠂ ᠭᠠᠯ ᠰᠡᠷᠭᠡᠶᠢᠯᠡᠵᠦ | ᠭᠠᠯ ᠤᠨᠲᠠᠷᠠᠭᠠᠬᠤ ᠰᠢᠰᠲ᠋ᠧᠮ ᠢ ᠬᠤᠯᠪᠤᠭᠠᠯᠠᠨ ᠲᠣᠬᠢᠷᠠᠭᠤᠯᠵᠤ ᠬᠤᠯᠪᠤᠭᠠᠯᠠᠨ ᠲᠤᠷᠰᠢᠵᠤ᠂ ᠰᠢᠯᠭᠠᠨ | ᠬᠤᠷᠢᠶᠠᠬᠤ ᠳᠤ ᠬᠢᠷᠢ ᠲᠡᠩᠴᠡᠭᠰᠡᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠦᠢᠳᠬᠡᠯ ᠬᠤᠷᠢᠶᠠᠬᠤ | ᠵᠥᠪᠰᠢᠶᠡᠷᠡᠯ ᠢ ᠣᠯᠣᠭᠰᠠᠨ ᠤ ᠳᠠᠷᠠᠭ᠎ᠠ ᠵᠢᠩᠬᠢᠨᠢ ᠪᠠᠷ ᠭᠠᠳᠠᠭᠰᠢ ᠨᠡᠭᠡᠭᠡᠵᠦ ᠠᠵᠢᠯᠯᠠᠭᠤᠯᠵᠠᠢ᠃ | ᠭᠠᠳᠠᠭᠰᠢ ᠨᠡᠭᠡᠭᠡᠭᠰᠡᠨ ᠤ ᠳᠠᠷᠠᠭᠠᠬᠢ ᠰᠢᠨᠬᠤᠸᠠ ᠲᠠᠯᠠᠪᠠᠶ ᠶᠢᠨ ᠭᠠᠵᠠᠷ ᠳᠣᠣᠷᠠᠬᠢ ᠲᠡᠷᠭᠡᠨ ᠵᠣᠭᠰᠣᠭᠠᠯ ᠢ | ᠬᠤᠲᠠ ᠶᠢᠨ ᠵᠠᠮ ᠬᠠᠷᠢᠯᠴᠠᠭᠠᠨ ᠤ ᠪᠦᠯᠦᠭᠯᠡᠯ ᠬᠢᠭᠡᠳ ᠵᠧᠨ ᠬᠤᠸᠠ ᠪᠦᠯᠦᠭᠯᠡᠯ ᠪᠡᠯᠡ ᠨᠡᠶᠢᠯᠡᠭᠦᠯᠦᠨ | ᠪᠠᠶᠢᠭᠤᠯᠤᠭᠰᠠᠨ ᠬᠥᠬᠡᠬᠤᠲᠠ ᠶᠢᠨ ᠰᠢᠨᠬᠤᠸᠠ ᠬᠤᠳᠠᠯᠳᠤᠭᠠᠨ ᠤ ᠲᠠᠯᠠᠪᠠᠶ ᠶᠢᠨ ᠬᠢᠵᠠᠭᠠᠷᠲᠤ ᠺᠣᠮᠫᠠᠨᠢ ᠠᠴᠠ | ᠡᠵᠡᠩᠨᠡᠯᠲᠡ ᠬᠠᠮᠢᠶᠠᠷᠤᠯᠲᠠ ᠶᠢ ᠬᠠᠷᠢᠭᠤᠴᠠᠨ᠎ᠠ᠃ |