ᠬᠤᠲᠠ ᠶᠢᠨ ᠠᠷᠠᠳ ᠤᠨ ᠭᠠᠳᠠᠭᠰᠢ ᠭᠠᠷᠬᠤ ᠳᠤ ᠳᠥᠭᠦᠮ ᠦᠵᠡᠭᠦᠯᠵᠦ᠂ ᠬᠤᠲᠠ ᠶᠢᠨ ᠤᠶᠤᠨᠲᠤ ᠲᠡᠷᠭᠡ | ᠵᠣᠭᠰᠣᠭᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠦᠵᠡᠯ ᠰᠠᠨᠠᠭ᠎ᠠ ᠶᠢ | ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ | ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢᠶᠠᠷ ᠭᠠᠷᠳᠠᠴᠠ ᠪᠣᠯᠭᠠᠬᠤ ᠶᠢ ᠪᠠᠷᠢᠮᠲᠠᠯᠠᠨ᠂ ᠣᠯᠠᠨ ᠲᠦᠮᠡᠨ ᠤ | ᠪᠠᠴᠢᠮᠳᠠᠬᠤ ᠬᠦᠴᠢᠷᠳᠡᠬᠦ ᠵᠤᠪᠠᠭ᠋ᠤ ᠬᠦᠰᠡᠵᠦ ᠪᠠᠶᠢᠭ᠎ᠠ ᠳᠡᠷᠭᠡᠳᠡᠬᠢ ᠶᠠᠪᠤᠳᠠᠯ ᠳᠤ ᠠᠩᠬᠠᠷᠤᠯ ᠢᠶᠠᠨ | ᠲᠦᠪᠯᠡᠷᠡᠭᠦᠯᠬᠦ ᠶᠢᠨ ᠲᠦᠯᠦᠭᠡ᠂ ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠡᠷᠭᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ᠂ ᠲᠡᠷᠭᠡᠨ | ᠵᠣᠭᠰᠣᠭᠠᠯ ᠤᠨ ᠡᠬᠢ ᠪᠠᠶᠠᠯᠢᠭ ᠢ ᠢᠯᠭᠠᠷᠠᠭᠤᠯᠬᠤ ᠵᠡᠷᠭᠡ ᠠᠵᠢᠯ ᠢ ᠶᠡᠬᠡᠪᠡᠷ ᠳᠥᠯᠭᠢᠨ ᠠᠬᠢᠭᠤᠯᠵᠤ᠂ ᠣᠶᠤᠨᠴᠢ | ᠲᠡᠷᠭᠡ ᠵᠤᠭᠰᠤᠭᠠᠬᠤ ᠰᠢᠨ᠎ᠡ ᠵᠠᠭᠪᠤᠷ ᠢ ᠬᠦᠴᠦᠯᠡᠨ ᠰᠦᠪᠡᠭᠴᠢᠯᠡᠪᠡ᠃ | | | | | ᠣᠶᠢᠯᠠᠭᠠᠭᠰᠠᠨ ᠢᠶᠠᠷ᠂ ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠡᠭᠡ | ᠡᠮᠦᠨ᠎ᠡ ᠵᠡᠭᠡᠯᠢ᠂ ᠶᠡᠭᠡ ᠬᠤᠶᠢᠲᠤ ᠵᠡᠭᠡᠯᠢ ᠶᠢᠨ ᠬᠤᠤᠰ ᠴᠢᠭᠯᠡᠯ ᠤᠨ ᠲᠡᠷᠭᠡᠨ ᠵᠠᠮ ᠳᠤ ᠬᠤᠶᠠᠷ ᠣᠶᠤᠨᠴᠢ ᠲᠡᠷᠭᠡ | ᠵᠣᠭᠰᠣᠭᠠᠬᠤ ᠬᠤᠶᠠᠳᠤᠭᠠᠷ ᠳᠡᠰ ᠤᠨ ᠬᠥᠲᠥᠯᠬᠦ ᠳᠡᠯᠭᠡᠴᠡ ᠲᠤᠬᠢᠷᠠᠭᠤᠯᠵᠠᠢ᠃ ᠶᠡᠭᠡ ᠵᠤᠤ ᠶᠢᠨ ᠦᠵᠡᠮᠵᠢ ᠶᠢᠨ | ᠣᠷᠣᠨ ᠤ ᠡᠷᠬᠢᠨ ᠲᠣᠭᠤᠷᠢᠨ ᠤ 6 ᠲᠡᠷᠭᠡᠨ ᠵᠣᠭᠰᠣᠭᠠᠯ ᠤᠨ ᠣᠷᠣᠬᠤ ᠡᠭᠦᠳᠡᠨ ᠳᠤ᠂ ᠤᠶᠤᠨᠲᠤ ᠲᠡᠷᠭᠡ | ᠵᠣᠭᠰᠣᠭᠠᠬᠤ ᠭᠤᠷᠪᠠᠳᠤᠭᠠᠷ ᠳᠡᠰ ᠤᠨ ᠬᠥᠲᠥᠯᠬᠦ ᠳᠡᠯᠭᠡᠴᠡ ᠶᠢ ᠲᠤᠰ ᠲᠤᠰ ᠲᠤᠬᠢᠷᠠᠭᠤᠯᠵᠤ᠂ ᠶᠡᠭᠡ ᠵᠤᠤ ᠶᠢᠨ | ᠲᠡᠦᠬᠡ ᠰᠣᠶᠣᠯ ᠵᠤᠭᠠᠴᠠᠯ ᠤᠨ ᠣᠷᠣᠨ ᠤ ᠡᠷᠬᠢᠨ ᠲᠣᠭᠤᠷᠢᠨ ᠤ ᠲᠡᠷᠭᠡᠨ ᠵᠣᠭᠰᠣᠭᠠᠯ ᠤᠨ ᠪᠠᠶᠢᠷᠢ ᠶᠢᠨ ᠵᠠᠢ᠂ | ᠬᠥᠳᠡᠯᠦᠩᠭᠦᠢ ᠲᠡᠷᠭᠡᠨ ᠵᠣᠭᠰᠣᠭᠠᠯ ᠤᠨ ᠲᠤᠭ᠎ᠠ ᠵᠡᠷᠭᠡ ᠮᠡᠳᠡᠭᠡ ᠵᠠᠩᠭᠢ ᠶᠢ ᠢᠯᠡᠷᠡᠭᠦᠯᠵᠦ᠂ ᠤᠯᠠᠨ ᠲᠦᠮᠡᠨ ᠪᠣᠯᠤᠨ | ᠭᠠᠳᠠᠨ᠎ᠠ ᠠᠴᠠ ᠢᠷᠡᠭᠰᠡᠨ ᠵᠤᠭᠠᠴᠠᠭᠰᠠᠳ ᠤᠨ ᠲᠡᠷᠭᠡ ᠵᠤᠭᠰᠤᠭᠠᠬᠤ ᠳᠤ ᠨᠡᠩ ᠲᠦᠬᠦᠮ ᠪᠣᠯᠭᠠᠪᠠ᠃ | | | | | ᠡᠭᠦᠨ ᠤ ᠵᠡᠷᠭᠡ ᠳᠤ ᠣᠲᠣ ᠶᠢᠨ ᠬᠠᠷᠢᠶ᠎ᠠ ᠣᠷᠣᠨ ᠳᠠᠬᠢ 27 ᠣᠯᠠᠨ ᠨᠡᠶᠢᠲᠡ ᠶᠢᠨ ᠰᠦᠢᠳᠭᠡᠯ | ᠬᠤᠷᠢᠶᠠᠬᠤ ᠲᠡᠷᠭᠡᠨ ᠵᠣᠭᠰᠣᠭᠠᠯ ᠢ ︽ᠠᠶ ᠴᠢᠩ ᠴᠧᠩ︾ APP ᠶᠢᠨ ᠣᠶᠤᠨᠴᠢ ᠲᠡᠷᠭᠡᠨ ᠵᠣᠭᠰᠣᠭᠠᠯ ᠤᠨ | ᠰᠢᠰᠲ᠋ᠧᠮ ᠳᠤ ᠵᠠᠯᠭᠠᠨ ᠣᠷᠣᠭᠤᠯᠵᠤ᠂ ᠰᠡᠷᠡᠭᠳᠡᠯ ᠥᠬᠡᠶ ᠲᠡᠷᠭᠡᠨ ᠵᠣᠭᠰᠣᠭᠠᠯ ᠤᠨ ᠲᠣᠭᠠᠴᠠᠭ᠎ᠠ ᠬᠢᠬᠦ ᠴᠢᠳᠠᠮᠵᠢ ᠶᠢ | ᠬᠤᠯᠪᠣᠨ ᠨᠡᠪᠲᠡᠷᠡᠭᠦᠯᠵᠦ᠂ ᠬᠤᠲᠠ ᠶᠢᠨ ᠠᠷᠠᠳ ᠤᠨ ᠲᠡᠷᠭᠡᠨ ᠵᠣᠭᠰᠣᠭᠠᠯ ᠤᠨ ᠥᠩᠭᠡᠷᠡᠯᠲᠡ ᠶᠢ ᠰᠢᠯᠢᠳᠡᠭᠵᠢᠭᠦᠯᠦᠨ᠂ | ᠣᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠪᠡ᠃ | | | | | ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ ᠭᠤᠣᠯ ᠰᠡᠳᠦᠪᠲᠦ | ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ | ᠦᠵᠡᠯ ᠰᠠᠨᠠᠭ᠎ᠠ ᠶᠢ ᠠᠷᠠᠳ ᠲᠦᠮᠡᠨ ᠳᠤ ᠦᠢᠯᠡᠴᠢᠯᠡᠬᠦ ᠯᠦᠭᠡ ᠤᠶᠠᠯᠳᠤᠭᠤᠯᠬᠤ ᠶᠢ ᠭᠦᠨᠵᠡᠭᠡᠢ ᠲᠤᠭᠤᠰᠢᠯᠠᠭᠤᠯᠵᠤ᠂ | 16 ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠴᠠᠭ ᠢ ᠵᠥᠷᠢᠴᠡᠭᠦᠯᠦᠨ ᠬᠠᠮᠲᠤᠪᠠᠷ | ᠡᠳ᠋ᠯᠡᠬᠦ 1621 ᠲᠡᠷᠭᠡ ᠵᠤᠭᠰᠤᠭᠠᠬᠤ ᠭᠠᠵᠠᠷ ᠢ ᠢᠳᠡᠪᠬᠢᠲᠡᠢ ᠵᠣᠬᠢᠴᠠᠭᠤᠯᠵᠤ᠂ ᠭᠡᠷ ᠭᠠᠵᠠᠷ ᠬᠦᠷᠦᠩᠬᠡ ᠶᠢᠨ | ᠨᠡᠭᠡᠭᠡᠨ ᠬᠥᠭᠵᠢᠭᠦᠯᠬᠦ ᠬᠤᠳᠠᠯᠳᠤᠭᠠᠴᠢᠨ᠂ ᠠᠳᠠᠯ ᠠᠬᠤᠢ ᠶᠢᠨ ᠭᠠᠵᠠᠷ ᠢ ᠵᠣᠬᠢᠴᠠᠭᠤᠯᠵᠤ᠂ ︽ᠲᠦᠷᠢᠶᠡᠰᠦᠯᠡᠬᠦ ᠪᠠ | ᠪᠣᠷᠣᠯᠠᠭᠤᠯᠬᠤ ᠶᠢ ᠵᠡᠷᠭᠡᠪᠡᠷ ᠠᠳᠬᠤᠬᠤ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠰᠠᠭᠤᠭᠠᠯᠢ ᠠᠷᠠᠳ ᠤᠨ | ᠬᠤᠷᠢᠶᠠᠯᠠᠯ ᠤᠨ ᠭᠠᠵᠠᠷ ᠳᠣᠣᠷᠠᠬᠢ 6916 ᠲᠡᠷᠭᠡ ᠵᠤᠭᠰᠤᠭᠠᠬᠤ ᠭᠠᠵᠠᠷ ᠢ ᠰᠤᠯᠠᠯᠠᠵᠠᠢ︔ ᠰᠤᠯᠠ ᠪᠠᠶᠢᠬᠤ | ᠭᠠᠵᠠᠷ ᠢ ᠠᠰᠢᠭᠯᠠᠨ᠂ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠲᠡᠷᠭᠡ ᠵᠣᠭᠰᠣᠭᠠᠬᠤ ᠭᠠᠵᠠᠷ ᠢ 2737 ᠰᠢᠨ᠎ᠡ ᠪᠠᠷ ᠨᠡᠮᠡᠭᠳᠡᠭᠦᠯᠵᠦ᠂ ᠲᠡᠷᠭᠡ ᠵᠣᠭᠰᠣᠭᠠᠬᠤ ᠳᠤ ︽ᠬᠦᠴᠢᠷᠲᠡᠶ︾ | ᠪᠠᠶᠢᠬᠤ ᠠᠰᠠᠭᠤᠳᠠᠯ ᠢ ᠦᠨᠡᠨ ᠬᠦ ᠪᠦᠲᠦᠮᠵᠢᠲᠡᠶ ᠪᠠᠷ ᠨᠠᠮᠳᠠᠭᠤᠯᠵᠤ᠂ ᠤᠯᠠᠨ ᠲᠦᠮᠡᠨ ᠢ ᠬᠠᠪᠰᠤᠷᠤᠨ ᠪᠣᠳᠠᠲᠠᠶ | ᠬᠦᠴᠢᠷᠳᠡᠯ ᠢ ᠨᠢ ᠰᠢᠢᠳᠪᠦᠷᠢᠯᠡᠵᠦ ᠥᠭᠪᠡ᠃ | ᠵᠠᠯᠭᠠᠭᠠᠳ ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ ᠭᠤᠣᠯ | ᠰᠡᠳᠦᠪᠲᠦ ᠬᠥᠮᠦᠵᠢᠯ ᠢ ᠬᠤᠳᠠ ᠶᠢᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠳᠤ ᠦᠷᠭᠦᠯᠵᠢᠯᠡᠨ | ᠨᠠᠶᠢᠳᠠᠪᠤᠷᠢᠵᠢᠭᠤᠯᠵᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠠᠷᠠᠳ ᠤᠨ ᠬᠡᠷᠡᠭᠴᠡᠭᠡ ᠪᠠᠷ ᠴᠢᠭᠯᠡᠯ ᠪᠣᠯᠭᠠᠵᠤ᠂ ᠭᠤᠣᠯ ᠰᠡᠳᠦᠪᠲᠦ | ᠬᠥᠮᠦᠵᠢᠯ ᠢ ᠭᠦᠨᠵᠡᠭᠡᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠰᠢᠨ᠎ᠡ ᠴᠠᠭ ᠦᠶ᠎ᠡ ᠶᠢᠨ ᠬᠤᠳᠠ ᠶᠢᠨ | ᠬᠠᠮᠢᠶᠠᠷᠤᠯᠲᠠ ᠶᠢᠨ ᠠᠵᠢᠯ ᠤᠨ ᠦᠢᠯᠡᠴᠢᠯᠡᠭᠡᠨ ᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠶᠡᠯᠳᠡᠭ | ᠵᠥᠭᠡᠯᠡᠨ ᠬᠠᠤᠯᠢ ᠬᠡᠷᠡᠭᠵᠢᠭᠦᠯᠦᠯᠲᠡ ᠪᠠᠷ ᠦᠵᠡᠰᠬᠦᠯᠡᠩᠲᠦ ᠰᠠᠶᠢᠬᠠᠨ ᠬᠤᠳᠠ ᠶᠢ ᠬᠠᠮᠠᠭᠠᠯᠠᠨ᠎ᠠ᠃ | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |