︵ᠰᠤᠷᠪᠤᠯᠵᠢᠯᠠᠭᠴᠢ ᠯᠢᠶᠠᠩ ᠵᠢᠩ ᠱᠦ︶ ᠰᠤᠷᠪᠤᠯᠵᠢᠯᠠᠭᠴᠢ ᠣᠶᠢᠷ᠎ᠠ ᠳᠤ ᠣᠶᠢᠯᠠᠭᠠᠭᠰᠠᠨ ᠢᠶᠠᠷ᠂ ᠠᠳᠠᠯᠢ | ᠪᠤᠰᠤ ᠬᠥᠮᠥᠰ ᠤᠨ ᠣᠯᠠᠨ ᠡᠰᠢᠵᠢᠭᠰᠡᠨ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠵᠤ᠂ ᠡᠭᠦᠳᠡᠨ ᠡᠮᠨᠡᠯᠭᠡ ᠶᠢᠨ | ᠡᠮᠴᠢᠯᠡᠭᠡᠨ ᠤ ᠦᠢᠯᠡᠴᠢᠯᠡᠭᠡ ᠶᠢ ᠨᠥᠬᠦᠪᠦᠷᠢᠯᠡᠨ ᠲᠡᠭᠦᠯᠳᠡᠷᠵᠢᠭᠦᠯᠵᠦ᠂ ᠡᠪᠡᠳᠴᠢᠲᠡᠨ ᠤ ᠡᠪᠡᠳᠴᠢᠨ ᠦᠵᠡᠭᠦᠯᠬᠦ | ᠮᠡᠳᠡᠷᠡᠮᠵᠢ ᠲᠦᠷᠦᠭᠳᠡᠯ ᠢ ᠰᠠᠶᠢᠵᠢᠷᠠᠭᠤᠯᠬᠤ ᠶᠢᠨ ᠲᠦᠯᠦᠭᠡ᠂ ᠥᠪᠥᠷ ᠮᠣᠩᠭᠤᠯ ᠤᠨ ᠬᠢᠲᠠᠳ ᠡᠮᠨᠡᠯᠭᠡ ᠶᠢᠨ | ᠬᠤᠷᠢᠶ᠎ᠠ ᠶᠢᠨ ᠬᠢᠲᠠᠳ ᠡᠮᠨᠡᠯᠭᠡ ᠶᠢᠨ ᠰᠤᠪᠢᠯᠠᠯᠲᠠ ᠶᠢᠨ ᠡᠭᠦᠳᠡᠨ ᠡᠮᠨᠡᠯᠭᠡ ᠡᠭᠦᠳᠡ ᠪᠠᠨ ᠨᠡᠭᠡᠭᠡᠵᠦ ᠣᠯᠠᠨ | ᠲᠦᠮᠡᠨ ᠳᠤ ᠦᠢᠯᠡᠴᠢᠯᠡᠵᠦ ᠡᠬᠢᠯᠡᠯ᠎ᠡ᠂ ᠡᠭᠦᠳᠡᠨ ᠡᠮᠨᠡᠯᠭᠡ ᠳᠤ ᠬᠢᠲᠠᠳ ᠡᠮᠨᠡᠯᠭᠡ ᠶᠢᠨ ᠣᠨᠣᠯ ᠤᠨ ᠮᠡᠳᠡᠯᠭᠡ ᠵᠢᠴᠢ | ᠡᠮᠴᠢᠯᠡᠭᠡᠨ ᠤ ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯ ᠤᠨ | ᠰᠤᠪᠢᠯᠠᠭᠴᠢ ᠠᠴᠠ ᠬᠤᠲᠠ ᠶᠢᠨ ᠠᠷᠠᠳ ᠣᠯᠠᠨ ᠳᠤ ᠬᠢᠲᠠᠳ ᠡᠮᠨᠡᠯᠭᠡ ᠶᠢᠨ ᠣᠨᠴᠠᠯᠢᠭᠲᠤ ᠰᠤᠪᠢᠯᠠᠯᠲᠠ ᠶᠢᠨ | ᠮᠡᠷᠭᠡᠵᠢᠯ ᠤᠨ ᠡᠮᠴᠢᠯᠡᠭᠡ᠂ ᠰᠡᠳᠬᠢᠯ ᠰᠠᠨᠠᠭᠠᠨ ᠤ ᠰᠤᠪᠢᠯᠠᠯᠲᠠ᠂ ᠡᠷᠡᠭᠦᠯ ᠮᠡᠨᠳᠦ ᠶᠢᠨ ᠯᠠᠪᠯᠠᠭ᠎ᠠ ᠵᠡᠷᠭᠡ | ᠶᠡᠷᠦᠩᠬᠡᠶᠢᠯᠡᠭᠰᠡᠨ ᠰᠤᠪᠢᠯᠠᠯᠲᠠ ᠶᠢᠨ ᠦᠢᠯᠡᠴᠢᠯᠡᠭᠡ ᠬᠠᠩᠭᠠᠨ᠎ᠠ᠃ | ᠣᠶᠢᠯᠠᠭᠠᠭᠰᠠᠨ ᠢᠶᠠᠷ᠂ ᠡᠭᠦᠳᠡᠨ ᠡᠮᠨᠡᠯᠭᠡ ᠳᠤ 20 ᠭᠠᠷᠤᠢ ᠡᠪᠡᠳᠴᠢᠲᠡᠨ ᠤ ᠣᠷᠣ ᠭᠠᠷᠭᠠᠵᠤ᠂ | ᠣᠳᠣᠬᠠᠨ ᠳᠤ ᠨᠢᠭᠡᠨᠲᠡ ᠶᠠᠪᠤᠭᠳᠠᠵᠤ ᠪᠠᠶᠢᠭ᠎ᠠ ᠲᠥᠷᠥᠯ ᠵᠦᠢᠯ ᠳᠤ ᠲᠦᠭᠡᠨᠡᠯᠭᠡ᠂ ᠰᠣᠷᠣᠭᠤᠯ ᠲᠠᠯᠪᠢᠬᠤ᠂ ᠴᠢᠬᠢᠨ | ᠪᠠᠯᠴᠢᠷ ᠤᠨ ᠵᠠᠰᠠᠯ᠂ ᠪᠠᠯᠴᠢᠷ ᠤᠨ ᠨᠠᠭᠠᠯᠲᠠ᠂ ᠠᠷᠠᠰᠤᠨ ᠳᠣᠣᠷᠠᠬᠢ ᠵᠡᠭᠦᠦ᠂ ᠴᠠᠩᠬ᠎ᠠ ᠬᠤᠰᠤᠬᠤ᠂ ᠵᠢᠩ ᠲᠠᠯᠪᠢᠬᠤ᠂ | ᠳᠤᠮᠳᠠ ᠳᠠᠪᠲᠠᠮᠵᠢᠲᠤ ᠴᠠᠬᠢᠯᠭᠠᠨ ᠢᠶᠠᠷ ᠵᠠᠰᠠᠬᠤ᠂ ᠴᠢᠰᠤ ᠲᠠᠯᠪᠢᠬᠤ᠂ ᠢᠯᠢᠵᠦ ᠨᠤᠬᠤᠯᠬᠤ ᠵᠡᠷᠭᠡ 20 ᠭᠠᠷᠤᠢ | ᠵᠦᠢᠯ ᠤᠨ ᠬᠢᠲᠠᠳ ᠡᠮᠨᠡᠯᠭᠡ ᠶᠢᠨ ᠰᠤᠪᠢᠯᠠᠯᠲᠠ ᠶᠢᠨ ᠮᠡᠷᠭᠡᠵᠢᠯ ᠪᠣᠢ᠃ | ᠬᠡᠷᠡᠭᠴᠡᠭᠡ ᠱᠠᠭᠠᠷᠳᠠᠯᠭ᠎ᠠ ᠲᠠᠢ ᠡᠪᠡᠳᠴᠢᠲᠡᠨ ᠢ ᠡᠭᠦᠳᠡᠨ ᠡᠮᠨᠡᠯᠭᠡ ᠶᠢᠨ ᠡᠮᠴᠢ ᠠᠴᠠ ᠬᠤᠪᠢᠰᠤᠩᠭᠤᠢ ᠪᠠᠷ | ᠣᠨᠣᠰᠢᠯᠠᠭᠰᠠᠨ ᠤ ᠳᠠᠷᠠᠭ᠎ᠠ ᠵᠣᠬᠢᠬᠤ ᠡᠮᠴᠢᠯᠡᠭᠡᠨ ᠤ ᠵᠦᠢᠯ ᠢ ᠭᠠᠷᠭᠠᠵᠤ᠂ ᠬᠢᠲᠠᠳ ᠡᠮᠨᠡᠯᠭᠡ ᠶᠢᠨ ᠶᠡᠷᠦᠩᠬᠡᠶᠢᠯᠡᠭᠰᠡᠨ | ᠡᠮᠴᠢᠯᠡᠭᠡᠨ ᠤ ᠲᠥᠪ ᠤᠨ ᠬᠢᠲᠠᠳ ᠡᠮᠨᠡᠯᠭᠡ ᠶᠢᠨ ᠰᠤᠪᠢᠯᠠᠯᠲᠠ ᠶᠢᠨ ᠡᠭᠦᠳᠡᠨ ᠡᠮᠨᠡᠯᠭᠡ ᠳᠤ ᠣᠴᠢᠵᠤ ᠡᠮᠨᠡᠭᠦᠯᠦᠨ᠎ᠡ᠃ | ᠬᠢᠲᠠᠳ ᠡᠮᠨᠡᠯᠭᠡ ᠶᠢᠨ ᠰᠤᠪᠢᠯᠠᠯᠲᠠ ᠶᠢᠨ ᠡᠭᠦᠳᠡᠨ ᠡᠮᠨᠡᠯᠭᠡ ᠨᠢ ᠡᠭᠦᠳᠡᠨ ᠡᠮᠨᠡᠯᠭᠡ ᠶᠢᠨ ᠵᠢᠷᠭᠤᠳᠤᠭᠠᠷ | ᠳᠠᠪᠬᠤᠷᠯᠢᠭ ᠤᠨ ᠪᠠᠷᠠᠭᠤᠨ ᠲᠠᠯ᠎ᠠ ᠳᠤ ᠪᠣᠢ᠃ | ᠡᠮᠴᠢᠯᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠦᠳᠡ ᠶᠢᠨ ᠡᠮᠦᠨ᠎ᠡ 8᠄ 00 — | 12᠄ 00︔ ᠦᠳᠡ ᠶᠢᠨ ᠬᠤᠶᠢᠨ᠎ᠠ 14᠄ 30 — 17᠄ 30᠃ ᠭᠠᠷᠠᠭ ᠤᠨ ᠵᠢᠷᠭᠤᠭᠠᠨ᠂ ᠭᠠᠷᠠᠭ ᠤᠨ | ᠡᠳᠦᠷ ᠤᠨ ᠦᠳᠡ ᠶᠢᠨ ᠡᠮᠦᠨ᠎ᠡ 8᠄ 00 — 12᠄ 00᠃ | ᠯᠠᠪᠯᠠᠬᠤ ᠤᠲᠠᠰᠤ᠄ 0471 — 6920291 |