ᠢᠦᠶ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠄ ᠬᠤᠷᠳᠤᠴᠠ ᠪᠠᠨ ᠨᠡᠮᠡᠭᠳᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/11/17
     ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢᠨ ᠳᠤᠮᠳᠠ ᠪᠠᠶᠢᠴᠠᠭᠠᠨ ᠳᠡᠯᠭᠡᠭᠰᠡᠨ ᠠᠰᠠᠭᠤᠳᠠᠯ ᠲᠠᠢ ᠤᠶᠠᠯᠳᠤᠭᠤᠯᠤᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠪᠠᠷ ᠲᠤᠰᠤᠯᠲᠠ ᠶᠢᠨ ᠴᠡᠭ ᠪᠣᠯᠭᠠᠵᠤ᠂ ᠴᠢᠨᠠᠷ ᠰᠠᠶᠢᠲᠠᠢ ᠪᠠᠶᠢᠬᠤ ᠶᠢ ᠪᠠᠷᠢᠮᠵᠢᠶᠠᠯᠠᠵᠤ᠂ ᠶᠡᠭᠡ ᠦᠢᠯᠡᠴᠢᠯᠡᠭᠡ ᠶᠢ ᠲᠡᠭᠦᠯᠳᠡᠷᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠰᠢᠨ᠎ᠡ ᠳᠠᠪᠠᠯᠲᠠ ᠶᠢ ᠳᠠᠪᠠᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠬᠦᠴᠦᠨ ᠢᠶᠠᠨ ᠲᠥᠪᠯᠡᠷᠡᠭᠦᠯᠦᠨ ᠪᠣᠳᠠᠲᠠᠢ ᠠᠵᠢᠯᠯᠠᠵᠤ ᠪᠣᠭᠤᠮᠲᠠ ᠰᠢᠪᠲᠤᠯᠵᠤ᠂ ᠢᠦᠢ ᠴᠢᠤᠸᠠᠨ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠪᠣᠯᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠰᠢᠯᠢᠳᠡᠭᠵᠢᠭᠦᠯᠬᠦ ᠳᠤ ᠪᠠᠲᠤ ᠪᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠭᠤᠷᠢ ᠶᠢ ᠲᠠᠯᠪᠢᠵᠤ ᠥᠭᠴᠡᠢ᠃
     ᠲᠠᠨᠢᠯᠴᠠᠭᠤᠯᠤᠭᠰᠠᠨ ᠢᠶᠠᠷ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ᠦᠢᠯᠡᠴᠢᠯᠡᠭᠡᠨ ᠤ ᠴᠤᠩᠬᠤᠪᠴᠢ᠂ ᠣᠯᠠᠨ ᠲᠦᠮᠡᠨ ᠤ ᠬᠡᠷ︾ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠢᠦᠶ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽ᠤᠯᠠᠭᠠᠨ ᠠᠨᠠᠷ︾ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠨ ᠥᠭᠴᠦ᠂ ᠪᠥᠬᠦ ᠶᠠᠪᠤᠴᠠ ᠪᠠᠷ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡ ᠬᠠᠩᠭᠠᠵᠤ᠂ ᠭᠤᠶᠤᠴᠢᠯᠠᠬᠤ ᠮᠠᠲ᠋ᠧᠷᠢᠶᠠᠯ ᠢ ᠬᠠᠮᠵᠢᠨ ᠪᠡᠯᠡᠳᠭᠡᠪᠡ᠃ ᠡᠭᠦᠨ ᠤ ᠬᠠᠮᠲᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ︽ᠨᠢᠭᠡ ᠶᠠᠪᠤᠳᠠᠯ︾ ᠤᠨ ᠭᠤᠤᠯ ᠰᠡᠳᠦᠪᠲᠦ ᠦᠢᠯᠡᠴᠢᠯᠡᠭᠡ᠂ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠦᠨᠡᠮᠯᠡᠯ ᠰᠡᠭᠦᠳᠡᠷ ᠢ ᠬᠠᠮᠲᠤᠷᠠᠨ ᠭᠦᠢᠴᠡᠳᠭᠡᠬᠦ᠂ ᠣᠶᠤᠨᠴᠢ ᠪᠠᠷ ᠥᠪᠡᠰᠦᠪᠡᠨ ᠦᠢᠯᠡᠴᠢᠯᠡᠬᠦ᠂ ᠭᠡᠷᠡᠴᠢ ᠥᠬᠡᠶ ᠪᠠᠷ ᠠᠵᠢᠯ ᠶᠠᠪᠤᠳᠠᠯ ᠭᠦᠢᠴᠡᠳᠭᠡᠬᠦ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠦᠢᠯᠡᠴᠢᠯᠡᠬᠦ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠦᠨ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠷ ᠦᠨᠳᠦᠰᠦᠲᠡᠨ ᠨᠦᠭᠦᠳ ᠤᠨ ᠣᠯᠠᠨ ᠲᠦᠮᠡᠨ ᠤ ᠢᠦᠢ ᠴᠢᠤᠸᠠᠨ ᠲᠣᠭᠤᠷᠢᠭ ᠲᠤ ᠬᠤᠳᠠᠯᠳᠤᠭ᠎ᠠ ᠬᠢᠵᠦ ᠦᠢᠯᠡᠰ ᠴᠣᠭᠴᠠᠯᠠᠬᠤ ᠳᠤ ᠬᠦᠴᠦᠨ ᠨᠡᠮᠡᠷᠢᠯᠡᠨ᠎ᠡ᠃
     ᠬᠡᠷᠡᠭ ᠡᠷᠬᠢᠯᠡᠬᠦ ᠲᠢᠩᠬᠢᠮ ᠤᠨ ᠬᠡᠷᠡᠭ ᠶᠠᠪᠤᠳᠠᠯ ᠢ ᠥᠨᠳᠥᠷ ᠳᠠᠪᠲᠠᠮᠵᠢ ᠪᠠᠷ ᠭᠦᠢᠴᠡᠳᠬᠡᠬᠦ ᠴᠣᠩᠬᠤᠨ ᠳᠤ᠂ 7 × 24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠪᠡᠷᠲᠡᠭᠡᠨ ᠦᠢᠯᠡᠴᠢᠯᠡᠬᠦ ᠬᠡᠳᠦ ᠳᠡᠯᠭᠡᠭᠦᠷ᠂ ᠨᠢᠭᠡᠳᠦᠭᠡᠷ ᠳᠠᠪᠬᠤᠷᠯᠢᠭ ᠤᠨ ᠬᠤᠶᠢᠲᠤ ᠲᠣᠭᠤᠷᠢᠭ ᠤᠨ ᠥᠪᠡᠷᠲᠡᠭᠡᠨ ᠮᠡᠳᠡᠭᠦᠯᠬᠦ ᠲᠣᠭᠤᠷᠢᠭ ᠵᠢᠴᠢ ᠲᠣᠭᠤᠷᠢᠭ ᠲᠠᠶᠢᠰᠠᠨ ᠤ ᠠᠰᠠᠭᠤᠨ ᠯᠠᠪᠯᠠᠬᠤ ᠭᠠᠵᠠᠷ ᠲᠤ ᠪᠦᠷ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠪᠠᠷ᠎ᠠ ᠶᠢ ᠣᠯᠵᠤ ᠬᠠᠷᠠᠨ᠎ᠠ᠃ ᠲᠠᠳᠠ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠲᠤᠰᠬᠠᠶ ᠲᠣᠭᠤᠷᠢᠭ ᠤᠨ ᠲᠤᠰᠬᠠᠶ ᠲᠤᠰᠢᠶᠠᠯᠲᠤ ᠬᠠᠪᠰᠤᠷᠤᠨ ᠭᠦᠢᠴᠡᠳᠭᠡᠭᠴᠢ ᠲᠠᠢ ᠬᠠᠮᠲᠤ ᠪᠠᠷ ︽ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ + ᠰᠠᠶᠢᠨ ᠳᠤᠷ᠎ᠠ ᠶᠢᠨ ᠠᠵᠢᠯᠯᠠᠭᠴᠢ︾ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠶᠡᠭᠡ ᠲᠢᠩᠬᠢᠮ ᠳᠤ ᠣᠷᠣᠬᠤ ᠠᠴᠠ ᠭᠠᠷᠬᠤ ᠬᠦᠷᠲᠡᠯ᠎ᠡ ᠴᠥᠮ ︽ᠨᠢᠭᠡ ᠳᠤ ᠨᠢᠭᠡ ᠶᠢᠨ︾ ᠰᠠᠶᠢᠨ ᠳᠤᠷ᠎ᠠ ᠶᠢᠨ ᠦᠢᠯᠡᠴᠢᠯᠡᠭᠡ ᠶᠢ ᠡᠳ᠋ᠯᠡᠭᠦᠯᠬᠦ ᠪᠣᠯᠤᠨ᠎ᠠ᠃ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠵᠠᠯᠠᠭᠤᠴᠤᠳ ᠤᠨ ᠪᠦᠯᠬᠦᠮ ᠤᠨ ᠬᠢᠨ ᠪᠦᠬᠦ ᠶᠠᠪᠤᠴᠠ ᠳᠤ ᠬᠠᠪᠰᠤᠷᠤᠨ ᠭᠦᠢᠴᠡᠳᠬᠡᠬᠦ ᠵᠢᠴᠢ ᠦᠨᠳᠦᠰᠦᠨ ᠵᠦᠢᠯ ᠢ ᠪᠠᠲᠤᠯᠠᠬᠤ ᠦᠢᠯᠡᠴᠢᠯᠡᠭᠡ ᠥᠷᠨᠢᠭᠦᠯᠵᠦ᠂ ᠤᠯᠠᠨ ᠲᠦᠮᠡᠨ ᠳᠤ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ ᠥᠭᠬᠦ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠥᠭᠬᠦ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠬᠠᠭᠤᠯᠪᠤᠷᠢᠯᠠᠨ ᠳᠠᠷᠤᠮᠠᠯᠯᠠᠬᠤ᠂ ᠦᠨᠡᠮᠯᠡᠯ ᠢ ᠰᠢᠦᠳᠠᠨ ᠢᠶᠠᠷ ᠢᠯᠡᠭᠡᠬᠦ ᠵᠡᠷᠭᠡ ᠰᠦᠢᠳᠬᠡᠯ ᠬᠤᠷᠢᠶᠠᠬᠤ ᠦᠭᠡᠢ ᠦᠢᠯᠡᠴᠢᠯᠡᠭᠡ ᠬᠠᠩᠭᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠪᠦᠬᠦᠨ ᠢ ᠬᠠᠮᠤᠷᠤᠨ ᠬᠢᠬᠦ ᠶᠢ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠭᠡᠬᠦ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠵᠤ᠂ ᠶᠣᠰᠣ ᠰᠤᠷᠲᠠᠬᠤᠨ ᠤ ᠪᠠᠶᠢᠭᠤᠯᠤᠯᠲᠠ ᠶᠢᠨ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠪᠣᠯᠪᠠᠰᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠪᠡ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ  ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠭᠤᠣᠯ ᠰᠡᠳᠦᠪᠲᠦ ᠬᠥᠮᠦᠵᠢᠯ ᠢ ᠦᠷᠭᠦᠯᠵᠢᠯᠡᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ᠂ ᠠᠷᠠᠳ ᠤᠯᠠᠨ ᠳᠤ ᠦᠢᠯᠡᠴᠢᠯᠡᠬᠦ ᠲᠠᠢ ᠣᠷᠭᠠᠨᠢᠭ ᠢᠶᠠᠷ ᠤᠶᠠᠯᠳᠤᠭᠤᠯᠤᠨ᠂ ᠠᠳᠠᠯᠢ ᠠᠯᠬᠤᠮ ᠢᠶᠠᠷ ᠶᠠᠪᠤᠭᠳᠠᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭᠠᠨ ᠢ ᠪᠠᠷᠢᠮᠵᠢᠶᠠᠵᠢᠭᠤᠯᠬᠤ᠂ ᠦᠢᠯᠡᠴᠢᠯᠡᠭᠡᠨ ᠤ ᠬᠠᠩᠭᠠᠯᠭ᠎ᠠ ᠶᠢ ᠵᠢᠷᠤᠮᠵᠢᠭᠤᠯᠬᠤ᠂ ᠠᠵᠤ ᠠᠬᠤᠶᠢᠯᠠᠯ ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠢ ᠳᠥᠭᠦᠮᠴᠢᠯᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃
             ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号