ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠢᠨ ︽ᠠᠷᠠᠳ ᠢ ᠰᠤᠷᠪᠤᠯᠵᠢᠯᠠᠨ ᠳᠤᠯᠠᠭᠠᠯᠠᠭ᠎ᠠ ᠶᠢ ᠠᠰᠠᠭᠤᠬᠤ︾ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠪᠠ
ᠨᠡᠶᠢᠲᠡᠯᠡᠭᠰᠡᠨ ᠴᠠᠭ᠄
2023/11/2
     ᠣᠳᠣᠬᠠᠨ ᠳᠤ ᠪᠥᠬᠦ ᠬᠤᠲᠠ ᠨᠢᠭᠡᠨᠲᠡ ᠳᠤᠯᠠᠭᠠᠯᠠᠭ᠎ᠠ ᠶᠢᠨ ᠬᠤᠭᠤᠴᠠᠭᠠᠨ ᠳᠤ ᠣᠷᠣᠵᠤ᠂ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠢᠨ ᠬᠠᠷᠢᠶ᠎ᠠ ᠲᠣᠭᠤᠷᠢᠭ ᠤᠨ ᠡᠯ᠎ᠡ ᠲᠣᠰᠬᠤᠨ ᠤ ᠣᠷᠣᠨ ᠰᠠᠭᠤᠴᠠ ᠶᠢ ᠵᠣᠬᠢᠶᠠᠨ ᠪᠠᠶᠢᠭᠤᠯᠤᠨ ︽ᠠᠷᠠᠳ ᠢ ᠰᠤᠷᠪᠤᠯᠵᠢᠯᠠᠨ ᠳᠤᠯᠠᠭᠠᠯᠠᠭ᠎ᠠ ᠶᠢ ᠠᠰᠠᠭᠤᠬᠤ︾ ᠠᠵᠢᠯᠯᠠᠭ᠎ᠠ ᠥᠷᠨᠢᠭᠦᠯᠵᠦ᠂ ᠬᠠᠷᠢᠶ᠎ᠠ ᠲᠣᠭᠤᠷᠢᠭ ᠤᠨ ᠳᠤᠯᠠᠭᠠᠯᠠᠭ᠎ᠠ ᠶᠢᠨ ᠠᠵᠤ ᠠᠬᠤᠶᠢᠯᠠᠯ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠤᠷᠢᠶᠠᠯᠠᠯ ᠵᠢᠴᠢ ᠪᠠᠶᠢᠰᠢᠩ ᠬᠡᠷ ᠤᠨ ᠲᠣᠭᠤᠷᠢᠭ ᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠵᠤ᠂ ᠬᠠᠷᠢᠶ᠎ᠠ ᠲᠣᠭᠤᠷᠢᠭ ᠤᠨ ᠠᠵᠤ ᠠᠬᠤᠶᠢᠯᠠᠯ ᠤᠨ ᠳᠤᠯᠠᠭᠠᠯᠠᠭ᠎ᠠ ᠶᠢᠨ ᠪᠠᠶᠢᠳᠠᠯ ᠵᠢᠴᠢ ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ ᠱᠠᠭᠠᠷᠳᠠᠯᠭ᠎ᠠ ᠶᠢ ᠪᠠᠶᠢᠴᠠᠭᠠᠨ ᠣᠶᠢᠯᠠᠭᠠᠵᠤ᠂ ᠰᠠᠭᠤᠭᠠᠯᠢ ᠠᠷᠠᠳ ᠤᠨ ᠬᠠᠯᠠᠭᠤᠨ ᠳᠤᠯᠠᠭᠠᠨ ᠡᠪᠦᠯᠵᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃
     ᠳᠤᠯᠠᠭᠠᠯᠠᠭ᠎ᠠ ᠶᠢᠨ ᠡᠮᠦᠨᠡᠬᠢ ᠬᠤᠭᠤᠴᠠᠭᠠᠨ ᠳᠤ᠂ ᠲᠤᠤᠷᠵᠢᠭᠰᠠᠨ ᠬᠠᠮᠢᠶᠠᠷᠤᠯᠲᠠ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ᠂ ᠳᠣᠷᠣᠭᠰᠢ ᠲᠣᠮᠢᠯᠠᠭᠰᠠᠨ ᠳᠠᠭᠠᠭᠠᠴᠢᠯᠠᠨ ᠬᠤᠯᠪᠣᠭᠠᠯᠠᠬᠤ ᠺᠠᠳ᠋ᠷ᠂ ᠬᠠᠯᠠᠭᠤᠨ ᠰᠡᠳᠬᠢᠯ ᠲᠠᠢ ᠰᠠᠭᠤᠭᠠᠯᠢ ᠠᠷᠠᠳ ᠡᠷᠦᠬᠡ ᠳᠤ ᠬᠦᠷᠴᠦ ᠰᠤᠷᠪᠤᠯᠵᠢᠯᠠᠨ ᠶᠠᠷᠢᠯᠴᠠᠬᠤ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠭᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠢᠶ᠎ᠠ ᠣᠷᠣᠨ ᠤ ᠪᠠᠨ ᠳᠤᠯᠠᠭᠠᠯᠠᠭ᠎ᠠ ᠶᠢᠨ ᠪᠠᠶᠢᠳᠠᠯ ᠢ ᠤᠶᠢᠯᠠᠭᠠᠨ ᠪᠠᠶᠢᠴᠠᠭᠠᠵᠤ᠂ ᠳᠤᠯᠠᠭᠠᠯᠠᠭ᠎ᠠ ᠶᠢᠨ ᠳᠠᠯᠳᠠ ᠬᠡᠮ ᠢ ᠤᠷᠢᠳᠴᠢᠯᠠᠨ ᠢᠯᠡᠷᠡᠭᠦᠯᠬᠦ ᠪᠠ ᠰᠢᠢᠳᠪᠦᠷᠢᠯᠡᠪᠡ᠃ ᠠᠵᠢᠯᠲᠠᠳ ᠰᠠᠭᠤᠭᠠᠯᠢ ᠠᠷᠠᠳ ᠤᠨ ᠬᠡᠷ ᠤᠨ ᠳᠤᠯᠠᠭᠠᠯᠠᠭ᠎ᠠ ᠬᠠᠯᠠᠭᠤᠨ ᠥᠬᠡᠶ ᠪᠠᠶᠢᠬᠤ ᠰᠢᠯᠲᠠᠭᠠᠨ ᠢ ᠬᠦᠯᠢᠴᠡᠩᠭᠦᠶ ᠪᠠᠷ ᠣᠶᠢᠯᠠᠭᠠᠵᠤ᠂ ᠰᠠᠭᠤᠭᠠᠯᠢ ᠠᠷᠠᠳ ᠤᠨ ᠬᠡᠷ ᠤᠨ ᠤᠰᠤ ᠣᠷᠣᠭᠤᠯᠬᠤ ᠬᠤᠭᠤᠯᠠᠶ᠂ ᠤᠰᠤ ᠭᠠᠷᠭᠠᠬᠤ ᠬᠤᠭᠤᠯᠠᠶ ᠵᠢᠴᠢ ᠭᠤᠤᠯ ᠬᠤᠭᠤᠯᠠᠢ ᠶᠢᠨ ᠲᠤᠤᠷ᠂ ᠡᠷᠦᠬᠡ ᠶᠢᠨ ᠬᠤᠭᠤᠯᠠᠶ ᠶᠢᠨ ᠲᠤᠤᠷ ᠵᠡᠷᠭᠡ ᠳᠤ ᠵᠢᠭᠰᠠᠭᠠᠨ ᠪᠠᠶᠢᠴᠠᠭᠠᠯᠲᠠ ᠬᠢᠵᠦ᠂ ᠵᠢᠭᠰᠠᠭᠠᠨ ᠪᠠᠶᠢᠴᠠᠭᠠᠵᠤ ᠭᠠᠷᠭᠠᠭᠰᠠᠨ ᠢᠯᠴᠢ ᠬᠠᠩᠭᠠᠬᠤ ᠬᠤᠭᠤᠯᠠᠶ ᠡᠪᠳᠡᠷᠡᠭᠰᠡᠨ᠂ ᠬᠠᠭᠤᠴᠢᠷᠠᠭᠰᠠᠨ ᠵᠢᠴᠢ ᠰᠠᠭᠤᠭᠠᠯᠢ ᠠᠷᠠᠳ ᠤᠨ ᠬᠡᠷ ᠤᠨ ᠢᠯᠴᠢ ᠬᠠᠩᠭᠠᠬᠤ ᠬᠤᠭᠤᠯᠠᠶ ᠪᠥᠭᠯᠡᠷᠡᠭᠰᠡᠨ ᠵᠡᠷᠭᠡ ᠠᠰᠠᠭᠤᠳᠠᠯ ᠢ ᠲᠡᠮᠳᠡᠭᠯᠡᠬᠦ ᠶᠢᠨ ᠬᠠᠮᠲᠤ ᠲᠥᠪᠯᠡᠷᠡᠭᠦᠯᠦᠨ ᠳᠡᠭᠡᠭᠰᠢ ᠮᠡᠳᠡᠭᠦᠯᠪᠡ᠃ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ᠂ ᠮᠠᠨ ᠤ ᠵᠡᠭᠡᠯᠢ ᠭᠤᠳᠤᠮᠵᠢ ᠶᠢᠨ ᠬᠢᠨ ᠠᠳᠠᠯ ᠠᠬᠤᠶ ᠶᠢᠨ ᠺᠣᠮᠫᠠᠨᠢ᠂ ᠢᠯᠴᠢ ᠬᠠᠩᠭᠠᠬᠤ ᠠᠵᠤ ᠠᠬᠤᠶᠢᠯᠠᠯ ᠵᠢᠴᠢ ᠰᠠᠭᠤᠭᠠᠯᠢ ᠠᠷᠠᠳ ᠲᠠᠢ ᠢᠳᠡᠪᠬᠢᠲᠡᠶ ᠪᠠᠷ ᠵᠣᠬᠢᠴᠠᠭᠤᠯᠤᠨ ᠬᠠᠷᠢᠯᠴᠠᠵᠤ᠂ ᠬᠠᠮᠤᠭ ᠤᠨ ᠲᠡᠷᠢᠭᠦᠨ ᠳᠤ ᠬᠠᠮᠢᠶ᠎ᠠ ᠪᠥᠬᠦᠶ ᠰᠢᠢᠳᠪᠦᠷᠢᠯᠡᠬᠦ ᠲᠥᠰᠦᠯ ᠪᠠ ᠰᠢᠢᠳᠪᠦᠷᠢᠯᠡᠬᠦ ᠰᠠᠨᠠᠯ ᠢ ᠲᠣᠭᠲᠠᠭᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠠᠳᠠᠯ ᠠᠬᠤᠶ ᠶᠢᠨ ᠺᠣᠮᠫᠠᠨᠢ ᠶᠢᠨ ᠬᠢᠨ ᠬᠠᠷᠢᠯᠴᠠᠬᠤ ᠴᠢᠬᠤᠯᠠᠲᠠᠶ ᠪᠣᠯ ᠵᠣᠬᠢᠴᠠᠭᠤᠯᠤᠨ ᠬᠠᠷᠢᠯᠴᠠᠵᠤ᠂ ᠢᠯᠴᠢ ᠬᠠᠩᠭᠠᠬᠤ ᠠᠵᠤ ᠠᠬᠤᠶᠢᠯᠠᠯ ᠤᠨ ᠬᠢᠨ ᠰᠡᠯᠪᠢᠨ ᠵᠠᠰᠠᠬᠤ ᠴᠢᠬᠤᠯᠠᠲᠠᠶ ᠪᠣᠯ᠂ ᠢᠯᠴᠢ ᠬᠠᠩᠭᠠᠬᠤ ᠠᠵᠤ ᠠᠬᠤᠶᠢᠯᠠᠯ ᠢ ᠰᠢᠮᠳᠠᠭᠤᠯᠤᠨ ᠰᠡᠯᠪᠢᠨ ᠵᠠᠰᠠᠵᠤ᠂ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠠᠢ᠃
     ᠬᠤᠶᠢᠰᠢᠳᠠ᠂ ᠮᠠᠨ ᠤ ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠤ ᠪᠠᠨ  ᠳᠤᠯᠠᠭᠠᠯᠠᠭ᠎ᠠ ᠶᠢᠨ ᠪᠠᠶᠢᠳᠠᠯ ᠤᠨ ᠪᠠᠶᠢᠴᠠᠭᠠᠯᠲᠠ ᠶᠢ ᠴᠢᠩᠭᠠᠳᠬᠠᠵᠤ᠂ ︽ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠥᠭᠬᠦ︾ ᠶᠢ ᠦᠨᠡᠨᠬᠦ ᠪᠡᠶᠡᠯᠡᠭᠦᠯᠦᠨ᠎ᠡ︔ ︽ᠬᠠᠪᠰᠤᠷᠤᠨ  ᠭᠦᠢᠴᠡᠳᠭᠡᠵᠦ ᠣᠷᠣᠯᠠᠨ ᠭᠦᠢᠴᠡᠳᠭᠡᠬᠦ︾᠂ ︽ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ︾᠂ ︽ᠠᠷᠠᠳ ᠢ ᠰᠤᠷᠪᠤᠯᠵᠢᠯᠠᠨ ᠳᠤᠯᠠᠭᠠᠯᠠᠭ᠎ᠠ ᠶᠢ ᠠᠰᠠᠭᠤᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠤ ᠪᠠᠴᠢᠮᠳᠠᠬᠤ ᠬᠦᠴᠢᠷᠳᠡᠬᠦ ᠵᠤᠪᠠᠭ᠋ᠤ ᠬᠦᠰᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠪᠢᠴᠢᠯ ᠵᠠᠰᠠᠯᠲᠠ︾ ᠶᠢ ᠴᠢᠷᠮᠠᠶᠢᠨ ᠪᠡᠶᠡᠯᠡᠭᠦᠯᠵᠦ᠂ ᠵᠥᠷᠢᠴᠡᠯ ᠢ ︽ᠪᠢᠴᠢᠯ ᠲᠣᠤᠷᠵᠢᠯ︾ ᠤᠨ ᠳᠣᠲᠣᠷ᠎ᠠ ᠰᠢᠢᠳᠪᠦᠷᠢᠯᠡᠨ᠂ ᠰᠠᠭᠤᠭᠠᠯᠢ ᠠᠷᠠᠳ ᠤᠨ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠠᠭᠤᠭᠠᠯᠢ ᠠᠷᠠᠳ ᠢ ᠬᠠᠯᠠᠭᠤᠨ ᠳᠤᠯᠠᠭᠠᠨ᠂ ᠪᠠᠶᠠᠷ ᠬᠥᠷ ᠲᠠᠢ ᠡᠪᠦᠯ ᠢ ᠥᠩᠭᠡᠷᠡᠭᠦᠯᠬᠦ ᠬᠡᠷᠡᠭᠲᠡᠶ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号