ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠣᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠬᠢᠵᠦ᠂ ᠢᠦᠶ ᠴᠢᠤᠸᠠᠨ ᠲᠣᠭᠤᠷᠢᠭ ᠤᠨ ︽ᠳᠦᠷᠢ ᠳᠦᠷᠬᠦ︾ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/11/2
      ᠡᠪᠦᠯ ᠣᠷᠣᠬᠤ ᠠᠴᠠ ᠡᠮᠦᠨ᠎ᠡ ᠰᠠᠭᠤᠭᠠᠯᠢ ᠠᠷᠠᠳ ᠲᠤ ᠴᠡᠪᠡᠷ ᠲᠡᠭᠰᠢ ᠠᠮᠢᠳᠤᠷᠠᠯ ᠤᠨ ᠣᠷᠴᠢᠨ ᠲᠣᠭᠤᠷᠢᠨ ᠢ ᠪᠤᠶ ᠪᠣᠯᠭᠠᠵᠤ ᠥᠭᠬᠦ ᠶᠢᠨ ᠲᠥᠯᠥᠭᠡ᠂ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠯᠠᠨ ᠲᠠᠯ᠎ᠠ ᠶᠢᠨ ᠬᠦᠴᠦᠨ ᠲᠠᠢ ᠬᠤᠯᠪᠣᠭᠠᠯᠠᠨ᠂ ᠵᠡᠭᠡᠯᠢ ᠭᠤᠳᠤᠮᠵᠢ ᠶᠢᠨ ᠺᠠᠳ᠋ᠷ᠂ ᠲᠣᠭᠤᠷᠢᠭ ᠲᠤ ᠰᠠᠭᠤᠭ᠎ᠠ ᠨᠢᠭᠡᠴᠢ᠂ ᠳᠠᠭᠠᠭᠠᠴᠢᠯᠠᠨ ᠬᠤᠯᠪᠣᠭᠠᠯᠠᠭᠰᠠᠨ  ᠨᠢᠭᠡᠴᠢ ᠶᠢᠨ ᠳᠣᠷᠣᠭᠰᠢ ᠲᠤᠮᠢᠯᠠᠭᠰᠠᠨ ᠬᠥᠮᠦᠨ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠠᠵᠢᠯᠯᠠᠭᠴᠢ ᠪᠠ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠠᠵᠢᠯᠯᠠᠭᠴᠢ ᠪᠠᠷᠤᠭ 300 ᠭᠠᠷᠤᠢ ᠬᠥᠮᠦᠨ ᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠬᠤᠭ ᠨᠣᠪᠰᠢ ᠶᠢ ᠴᠡᠪᠡᠷᠯᠡᠬᠦ᠂ ᠵᠢᠵᠢᠭ ᠵᠠᠷ ᠮᠡᠳᠡᠭᠡ ᠶᠢ ᠴᠡᠪᠡᠷᠯᠡᠬᠦ᠂ ᠡᠯᠳᠡᠪ ᠪᠣᠳᠠᠰ ᠢ ᠴᠡᠪᠡᠷᠯᠡᠬᠦ ᠪᠣᠭᠤᠮᠲᠠ ᠰᠢᠪᠲᠤᠯᠬᠤ ᠠᠵᠢᠯᠯᠠᠭ᠎ᠠ ᠦᠷᠨᠢᠭᠦᠯᠵᠦ᠂ ᠲᠤᠰ ᠤᠳᠠᠭᠠᠨ ᠤ ᠠᠵᠢᠯᠯᠠᠭ᠎ᠠ 10 ᠰᠠᠷ᠎ᠠ ᠶᠢᠨ 16 ᠤ ᠡᠳᠦᠷ ᠠᠴᠠ ᠡᠬᠢᠯᠡᠵᠦ᠂ ᠨᠢᠭᠡ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠨ᠎ᠠ᠃
     ︽ᠪᠢᠳᠡ ᠳᠤᠯᠠᠭᠠᠯᠠᠭ᠎ᠠ ᠬᠠᠩᠭᠠᠬᠤ ᠠᠴᠠ ᠡᠮᠦᠨ᠎ᠡ ᠡᠷᠦᠬᠡ ᠳᠤ ᠬᠦᠷᠴᠦ ᠰᠤᠷᠪᠤᠯᠵᠢᠯᠠᠨ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠳᠤᠯᠠᠭᠠᠯᠠᠭ᠎ᠠ ᠬᠠᠩᠭᠠᠬᠤ ᠠᠰᠠᠭᠤᠳᠠᠯ ᠢ ᠰᠢᠢᠳᠪᠦᠷᠢᠯᠡᠬᠦ ᠶᠢᠨ ᠵᠡᠷᠭᠡ ᠳᠤ ᠣᠷᠴᠢᠨ ᠲᠤᠭᠤᠷᠢᠨ ᠤ ᠠᠷᠢᠭᠤᠨ ᠴᠡᠪᠡᠷ ᠢ ᠰᠠᠶᠢᠲᠤᠷ ᠬᠠᠮᠠᠭᠠᠯᠠᠬᠤ ᠬᠡᠷᠡᠭᠲᠡᠶ︾ ᠭᠡᠵᠦ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠸᠠᠩ ᠫᠧᠩ ᠭᠡᠯᠡᠵᠦ᠂ ︽ᠰᠠᠭᠤᠭᠠᠯᠢ ᠠᠷᠠᠳ ᠤᠨ ᠬᠤᠷᠢᠶᠠᠯᠠᠯ ᠴᠡᠪᠡᠷ ᠲᠡᠭᠰᠢ ᠪᠣᠯᠵᠠᠶ᠂ ᠦᠵᠡᠬᠦ ᠳᠤ ᠲᠠᠭᠠᠲᠠᠶ᠂ ᠰᠠᠭᠤᠬᠤ ᠳᠤ ᠰᠠᠨᠠᠭ᠎ᠠ ᠠᠮᠤᠷ ᠪᠠᠶᠢᠨ᠎ᠠ᠂ ᠵᠡᠭᠡᠯᠢ ᠭᠤᠳᠤᠮᠵᠢ ᠶᠢᠨ ᠵᠣᠬᠢᠶᠠᠨ ᠪᠠᠶᠢᠭᠤᠯᠤᠯᠲᠠ ᠶᠢᠨ ᠡᠶᠢᠮᠦᠷᠬᠦ ᠠᠵᠢᠯᠯᠠᠭ᠎ᠠ ᠨᠢ ᠮᠠᠰᠢ ᠶᠡᠭᠡ ᠤᠳᠬ᠎ᠠ ᠠᠭᠤᠯᠭ᠎ᠠ ᠲᠠᠢ ᠶᠤᠮ︾ ᠭᠡᠵᠦ ᠰᠠᠭᠤᠭᠠᠯᠢ ᠠᠷᠠᠳ ᠤᠨ ᠬᠤᠷᠢᠶᠠᠯᠠᠯ ᠤᠨ ᠶᠠᠩ ᠠᠨᠢᠶ᠎ᠠ ᠪᠠᠶᠠᠷ ᠲᠠᠢ ᠪᠠᠷ ᠬᠡᠯᠡᠪᠡ᠃
     ᠬᠥᠬᠡᠬᠤᠲᠠ ᠶᠢᠨ ᠵᠦᠩ ᠷᠠᠨ ᠬᠤᠳᠠ ᠶᠢᠨ ᠰᠢᠲᠠᠮᠠᠬᠠᠢ ᠬᠡᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭᠯᠡᠭᠴᠢᠳ ᠤᠨ ᠦᠢᠯᠡᠴᠢᠯᠡᠭᠡᠨ ᠤ ᠬᠡᠯᠲᠡᠰ ᠤᠨ ᠨᠠᠮ ᠤᠨ ᠶᠡᠷᠦᠩᠬᠡᠢ ᠡᠭᠦᠷ ᠤᠨ ᠱᠦᠵᠢ ᠰᠢᠤᠢ ᠯᠢ᠄ ︽ᠪᠠᠶᠢᠭᠤᠯᠭ᠎ᠠ ᠨᠢᠭᠡᠴᠢ ᠶᠢᠨ ᠬᠢᠨ ᠰᠠᠷ᠎ᠠ ᠪᠦᠷᠢ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠲᠣᠭᠤᠷᠢᠭ ᠲᠤ 8 ᠤᠳᠠᠭ᠎ᠠ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠦᠨ᠎ᠡ᠂ ᠠᠵᠢᠯᠯᠠᠭ᠎ᠠ ᠳᠤ ᠰᠠᠭᠤᠭᠠᠯᠢ ᠠᠷᠠᠳ ᠲᠤ ᠬᠡᠷᠡᠭᠯᠡᠭᠴᠢᠳ ᠤᠨ ᠠᠮᠤᠷ ᠲᠦᠪᠰᠢᠨ ᠤ ᠭᠠᠷ ᠳᠡᠪᠲᠡᠷ᠂ ᠡᠷᠦᠬᠡ ᠳᠤ ᠬᠦᠷᠴᠦ ᠠᠮᠤᠷ ᠲᠦᠪᠰᠢᠨ ᠤ ᠪᠠᠶᠢᠴᠠᠭᠠᠯᠲᠠ ᠬᠢᠬᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠵᠡᠷᠭᠡ ᠪᠠᠭᠲᠠᠨ᠎ᠠ᠃ ᠡᠭᠦᠨ ᠤ ᠵᠡᠷᠭᠡ ᠳᠤ᠂ ᠡᠳᠦᠷ ᠪᠦᠷᠢ 3 ᠠᠵᠢᠯᠲᠠᠨ ᠨᠡᠶᠢᠭᠡᠮ ᠲᠣᠭᠤᠷᠢᠭ ᠲᠤ ᠢᠷᠡᠵᠦ ᠰᠠᠶᠢᠨ ᠳᠤᠷ᠎ᠠ ᠶᠢᠨ ᠦᠢᠯᠡᠴᠢᠯᠡᠭᠡ ᠬᠢᠵᠦ᠂ ᠨᠡᠶᠢᠭᠡᠮ ᠲᠣᠭᠤᠷᠢᠭ ᠤᠨ ᠣᠷᠴᠢᠨ ᠲᠤᠭᠤᠷᠢᠨ ᠢ ᠬᠠᠮᠠᠭᠠᠯᠠᠵᠤ ᠪᠠᠶᠢᠨ᠎ᠠ︾ ᠭᠡᠪᠡ᠃
     ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠪᠠᠭ᠎ᠠ ᠶᠠᠪᠤᠳᠠᠯ ᠠᠴᠠ ᠭᠠᠷᠳᠠᠬᠤ ᠶᠢ ᠪᠠᠷᠢᠮᠲᠠᠯᠠᠵᠤ᠂ ᠭᠦᠨᠵᠡᠭᠡᠢ ᠲᠡᠶᠢᠰᠢ ᠬᠦᠴᠦᠯᠡᠵᠦ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠪᠣᠯᠤᠨ ︽ᠠᠷᠠᠳ ᠤᠨ ᠲᠥᠯᠥᠭᠡ ᠡᠭᠦᠳᠦᠨ ᠪᠠᠶᠢᠭᠤᠯᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠥᠮᠦᠨ ᠪᠦᠬᠦᠨ ᠦᠵᠡᠰᠬᠦᠯᠡᠩᠲᠦ ᠰᠠᠶᠢᠬᠠᠨ ᠭᠡᠷ ᠣᠷᠣᠨ ᠤ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠠᠵᠢᠯ ᠤᠨ ᠯᠠᠪᠳᠠᠭᠤᠨ᠂ ᠭᠦᠨᠵᠡᠭᠡᠢ᠂ ᠪᠦᠲᠦᠮᠵᠢᠲᠡᠢ᠂ ᠪᠠᠶᠢᠩᠭᠤ ᠶᠢᠨ ᠥᠷᠨᠢᠯᠲᠡ ᠶᠢ ᠪᠠᠲᠤᠯᠠᠨ᠎ᠠ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号