ᠪᠠᠭ᠎ᠠ ᠵᠣᠣ ᠡᠮᠦᠨ᠎ᠡ ᠵᠡᠭᠡᠯᠢ ᠶᠢᠨ ᠵᠡᠭᠡᠯᠢ ᠭᠤᠲᠤᠮᠵᠢ ᠶᠢᠨ ᠲᠠᠪᠤᠨ ᠰᠤᠪᠤᠷᠭ᠎ᠠ ᠶᠢᠨ ᠡᠮᠦᠨ᠎ᠡ ᠵᠡᠭᠡᠯᠢ ᠶᠢᠨ ᠨᠡᠶᠢᠭᠡᠮ ᠲᠣᠭᠤᠷᠢᠭ ᠨᠠᠮᠤᠷ ᠤᠨ ᠤᠯᠠᠷᠢᠯ ᠤᠨ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/2
     ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠦᠷ᠎ᠡ ᠳ᠋ᠦᠩ ᠳᠤ  ᠬᠦᠷᠦᠭᠦᠯᠵᠦ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠡᠪᠡᠳᠴᠢᠨ ᠲᠠᠷᠬᠠᠭᠠᠬᠤ ᠬᠤᠣᠷ ᠬᠥᠨᠥᠭᠡᠯ ᠢ ᠪᠠᠭᠠᠰᠬᠠᠨ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠨᠢᠭᠲᠠᠴᠠ ᠶᠢ ᠬᠢᠵᠠᠭᠠᠷᠯᠠᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠦᠷᠡᠵᠢᠬᠦ ᠭᠠᠵᠠᠷ ᠢ ᠠᠷᠢᠯᠭᠠᠵᠤ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢᠨ ᠲᠦᠯᠦᠭᠡ᠂ ᠣᠶᠢᠷ᠎ᠠ ᠳᠤ᠂ ᠲᠠᠪᠤᠨ ᠰᠤᠪᠤᠷᠭ᠎ᠠ ᠶᠢᠨ ᠡᠮᠦᠨ᠎ᠡ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠬᠤᠷᠢᠶᠠᠯᠠᠯ ᠤᠨ ᠬᠡᠪᠴᠢᠶᠡᠨ ᠳᠤ ᠢᠯᠠᠭ᠎ᠠ ᠪᠠᠲᠠᠭᠠᠨ᠎ᠠ ᠶᠢ ᠤᠲᠤᠵᠤ ᠠᠯᠠᠬᠤ ᠪᠠ ᠬᠤᠯᠤᠭᠠᠨ᠎ᠠ ᠶᠢ ᠤᠰᠠᠳᠬᠠᠵᠤ ᠵᠣᠤᠮ᠎ᠠ ᠶᠢ ᠤᠰᠠᠳᠬᠠᠬᠤ ᠨᠢᠭᠡᠳᠦᠯᠲᠡᠶ ᠠᠵᠢᠯᠯᠠᠭ᠎ᠠ ᠥᠷᠨᠢᠭᠦᠯᠪᠡ᠃
     ᠲᠣᠰ ᠤᠳᠠᠭᠠᠨ ᠤ ᠠᠵᠢᠯᠯᠠᠭ᠎ᠠ ᠨᠢ ᠬᠤᠷᠢᠶᠠᠯᠠᠯ ᠤᠨ ᠬᠤᠤᠷᠲᠤ ᠥᠭᠶᠥᠭᠡ ᠶᠢᠨ ᠥᠷᠲᠡᠭᠡ᠂ ᠤᠨᠴᠠᠭᠠᠶᠢᠯᠠᠨ ᠢᠳᠡᠭᠡᠨ ᠤᠮᠳᠠᠭᠠᠨ ᠤ ᠦᠢᠯᠡᠰ ᠤᠨ ᠡᠷᠬᠢᠨ ᠲᠣᠭᠤᠷᠢᠨ ᠤ ᠡᠮ ᠤᠨ ᠬᠡᠮᠵᠢᠶ᠎ᠡ ᠶᠢ ᠨᠡᠮᠡᠭᠳᠡᠭᠦᠯᠵᠦ᠂ ᠬᠤᠯᠤᠭᠠᠨ᠎ᠠ ᠤᠰᠠᠳᠬᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠲᠣᠰ ᠤᠳᠠᠭ᠎ᠠ ᠨᠡᠶᠢᠲᠡ 55 ᠪᠠᠭᠯᠠᠭ᠎ᠠ ᠬᠤᠯᠤᠭᠠᠨ᠎ᠠ ᠶᠢᠨ ᠡᠮ ᠲᠠᠯᠪᠢᠵᠤ᠂ ᠪᠠᠺᠲ᠋ᠧᠷᠢ ᠶᠢᠨ ᠳᠡᠯᠭᠡᠷᠡᠬᠦ ᠶᠢ ᠪᠦᠲᠦᠮᠵᠢᠲᠡᠶ ᠪᠠᠷ ᠬᠢᠵᠠᠭᠠᠷᠯᠠᠵᠤ᠂ ᠡᠪᠡᠳᠴᠢᠨ ᠡᠮᠭᠡᠭ ᠳᠡᠯᠭᠡᠷᠡᠬᠦ ᠶᠢ ᠪᠠᠭᠠᠰᠬᠠᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠴᠡᠪᠡᠷ ᠲᠡᠭᠰᠢ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠭᠰᠡᠨ ᠪᠠᠶᠢᠨ᠎ᠠ᠃
     ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠬᠠᠷᠢᠶᠠᠲᠤ ᠣᠷᠣᠨ ᠤ ᠬᠤᠯᠤᠭᠠᠨ᠎ᠠ ᠶᠢᠨ ᠡᠮ ᠤᠨ ᠬᠤᠤᠷᠲᠤ ᠥᠭᠶᠥᠭᠡ ᠶᠢᠨ ᠥᠷᠲᠡᠭᠡ ᠳᠤ ᠬᠤᠯᠤᠭᠠᠨ᠎ᠠ ᠶᠢᠨ ᠡᠮ ᠲᠠᠯᠪᠢᠵᠤ᠂ ᠡᠪᠡᠰᠦᠨ ᠪᠤᠲᠠ᠂ ᠬᠤᠭ ᠨᠣᠪᠰᠢ ᠶᠢᠨ ᠰᠠᠪᠠ ᠶᠢᠨ ᠬᠠᠵᠠᠭᠤ᠂ ᠡᠯᠳᠡᠪ ᠪᠣᠳᠠᠰ ᠤᠨ ᠣᠪᠣᠭᠠᠨ ᠤ ᠬᠠᠵᠠᠭᠤ ᠵᠡᠷᠭᠡ ᠬᠤᠯᠤᠭᠠᠨ᠎ᠠ ᠶᠢᠨ ᠠᠵᠢᠯᠯᠠᠭ᠎ᠠ ᠣᠯᠠᠨᠲᠠᠶ ᠭᠠᠵᠠᠷ ᠲᠤ ᠭᠤᠤᠯᠳᠠᠯᠭ᠎ᠠ ᠲᠠᠢ ᠲᠠᠯᠪᠢᠵᠠᠢ︔ ᠡᠭᠦᠨ ᠤ ᠵᠡᠷᠭᠡ ᠳᠤ ᠨᠡᠶᠢᠭᠡᠮ ᠲᠣᠭᠤᠷᠢᠭ ᠤᠨ ᠠᠵᠢᠯᠲᠠᠨ ᠪᠠᠰᠠ ᠰᠠᠭᠤᠭᠠᠯᠢ ᠠᠷᠠᠳ ᠲᠤ ᠬᠡᠦᠬᠡᠳ ᠢᠶᠠᠨ ᠰᠠᠶᠢᠲᠤᠷ ᠬᠠᠷᠠᠵᠤ᠂ ᠡᠩᠬᠦᠷᠡᠶ ᠠᠮᠢᠲᠠᠨ ᠢᠶᠠᠨ ᠰᠠᠶᠢᠲᠤᠷ ᠬᠥᠲᠥᠯᠵᠦ᠂ ᠢᠳᠡᠭᠡᠨ ᠳᠤ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠶ ᠭᠡᠵᠦ ᠰᠠᠨᠠᠭᠤᠯᠪᠠ᠃      ᠡᠨᠡ ᠤᠳᠠᠭᠠᠨ ᠤ ᠬᠤᠯᠤᠭᠠᠨ᠎ᠠ ᠶᠢᠨ ᠡᠮ ᠲᠠᠯᠪᠢᠬᠤ ᠠᠵᠢᠯᠯᠠᠭ᠎ᠠ ᠪᠠᠷ ᠳᠠᠮᠵᠢᠭᠤᠯᠤᠨ ᠬᠤᠯᠤᠭᠠᠨ᠎ᠠ ᠶᠢᠨ ᠦᠷᠡᠵᠢᠯ ᠢ ᠪᠦᠲᠦᠮᠵᠢᠲᠡᠶ ᠪᠠᠷ ᠬᠢᠵᠠᠭᠠᠷᠯᠠᠵᠤ᠂ ᠡᠪᠡᠳᠴᠢᠨ ᠡᠮᠭᠡᠭ ᠳᠡᠯᠭᠡᠷᠡᠬᠦ ᠶᠢ ᠪᠠᠭᠠᠰᠬᠠᠨ᠂ ᠪᠠᠺᠲ᠋ᠧᠷᠢ ᠶᠢᠨ ᠦᠷᠡᠵᠢᠯ ᠢ ᠬᠤᠷᠢᠭᠯᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠵᠤ ᠴᠢᠳᠠᠨ᠎ᠠ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号