ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 19 ᠳ᠋ᠤᠭᠡᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/11/2
     10 ᠳ᠋ᠤᠭᠠᠷ ᠰᠠᠷ᠎ᠠ ᠶᠢᠨ 26 ᠤ ᠡᠳᠦᠷ ᠠᠴᠠ 28 ᠤ ᠡᠳᠦᠷ᠂ ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠬᠢ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 19 ᠳ᠋ᠤᠭᠡᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ ᠦᠷᠨᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠭᠤᠷᠢᠭ ᠤᠨ ᠲᠡᠰ ᠤᠨ ᠤᠳᠤᠷᠢᠳᠬᠤ ᠨᠥᠬᠦᠳ ᠪᠣᠯᠤᠨ ᠡᠯ᠎ᠡ ᠪᠠᠯᠭᠠᠰᠤ ᠠᠯᠪᠠᠨ ᠭᠡᠷ ᠤᠨ ᠨᠠᠮ ᠤᠨ ︵ᠠᠵᠢᠯᠯᠠᠬᠤ ᠬᠤᠷᠢᠶ᠎ᠠ︶ ᠬᠤᠷᠢᠶ᠎ᠠ ᠶᠢᠨ ᠱᠦᠵᠢ ᠨᠡᠷ ᠢ ᠵᠣᠬᠢᠶᠠᠨ ᠪᠠᠶᠢᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠲᠣᠭᠤᠷᠢᠨ ᠳᠤ ᠠᠩᠬᠠᠳᠤᠭᠠᠷ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ᠂ ᠲᠤᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠴᠧᠩ ᠵᠦᠩ ᠵᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃  
     ᠨᠣᠮ ᠤᠩᠰᠢᠬᠤ ᠠᠩᠬᠢ ᠶᠢ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠨᠣᠮ ᠤᠩᠰᠢᠬᠤ᠂ ᠦᠷ᠎ᠡ ᠪᠦᠲᠦᠭᠡᠯ ᠢᠶᠠᠨ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠡᠨᠡ ᠬᠤᠭᠤᠴᠠᠭᠠᠨ ᠳᠤ᠂ ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠨᠠᠨ ᠨᠠᠨ ᠰᠤᠷᠤᠯᠴᠠᠬᠤ ᠦᠵᠡᠯ ᠰᠠᠨᠠᠭ᠎ᠠ ᠪᠠᠷ ᠪᠠᠶᠢᠯᠳᠤᠬᠤ ᠪᠤᠳᠤᠯᠭ᠎ᠠ ᠶᠢ ᠲᠣᠳᠣᠷᠬᠠᠶᠢᠯᠠᠵᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠢᠦᠢ ᠴᠢᠤᠸᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠪᠠᠷ ᠭᠤᠣᠯ ᠰᠡᠳᠦᠪ ᠪᠣᠯᠭᠠᠨ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠡᠢ᠃
     ᠴᠧᠩ ᠵᠦᠩ ᠵᠦᠩ ᠤᠯᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠨᠤᠲᠠᠯᠠᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠦᠷᠭᠦᠯᠵᠢᠯᠡᠨ ᠠᠬᠢᠭᠤᠯᠬᠤ ᠲᠤᠬᠠᠢ 4 ᠲᠠᠯ᠎ᠠ ᠶᠢᠨ ᠰᠠᠨᠠᠯ ᠢ ᠴᠢᠬᠤᠯᠠᠴᠢᠯᠠᠪᠠ᠃ ᠨᠢᠭᠡ ᠳᠤ ᠪᠠᠶᠢᠴᠠᠭᠠᠨ ᠰᠤᠳᠤᠯᠤᠯᠲᠠ ᠶᠢᠨ ᠴᠢᠬᠤᠯᠠ ᠠᠴᠢ ᠬᠤᠯᠪᠣᠭᠳᠠᠯ ᠤᠨ ᠲᠤᠬᠠᠶ ᠣᠶᠢᠯᠠᠭᠠᠯᠲᠠ ᠪᠠ ᠲᠠᠨᠢᠯᠲᠠ ᠪᠠᠨ ᠭᠦᠨᠵᠡᠭᠡᠶᠢᠷᠡᠭᠦᠯᠬᠦ ᠬᠡᠷᠡᠭᠲᠡᠶ᠃ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ ᠶᠢ ᠲᠣᠰ ᠤᠳᠠᠭᠠᠨ ᠤ ᠭᠤᠤᠯ ᠰᠡᠳᠦᠪᠲᠦ ᠬᠥᠮᠦᠵᠢᠯ ᠤᠨ ᠨᠢᠭᠡᠨ ᠢᠯᠡ ᠲᠣᠳᠣ ᠣᠨᠴᠠᠯᠢᠭ ᠪᠣᠯᠭᠠᠭᠰᠠᠨ ᠤ ᠦᠨᠳᠦᠰᠦᠨ ᠵᠣᠷᠢᠯᠭ᠎ᠠ ᠪᠣᠯ ᠪᠣᠳᠠᠲᠤ ᠪᠠᠶᠢᠳᠠᠯ ᠢ ᠲᠣᠳᠣᠷᠬᠠᠶ ᠣᠶᠢᠯᠠᠭᠠᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠠᠵᠢᠯ ᠢᠶᠠᠨ ᠠᠬᠢᠭᠤᠯᠬᠤ ᠶᠢᠨ ᠲᠥᠯᠥᠭᠡ ᠶᠤᠮ᠂ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠡᠵᠡᠮᠳᠡᠵᠦ᠂ ᠠᠵᠢᠯ ᠤᠨ ᠠᠶᠢᠵᠠᠮ ᠢ ᠡᠵᠡᠮᠳᠡᠨ᠂ ᠡᠯ᠎ᠡ ᠵᠦᠢᠯ ᠤᠨ ᠪᠠᠶᠢᠴᠠᠭᠠᠨ ᠰᠤᠳᠤᠯᠤᠯᠲᠠ ᠶᠢᠨ ᠡᠭᠦᠷᠭᠡ ᠶᠢ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠪᠠᠶᠢᠴᠠᠭᠠᠨ ᠰᠤᠳᠤᠯᠤᠭᠰᠠᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠬᠤ ᠬᠡᠷᠡᠭᠲᠡᠢ᠃ ᠬᠤᠳᠠᠯ ᠢ ᠨᠢ ᠬᠠᠶᠠᠵᠤ ᠦᠨᠡᠨ ᠢ ᠨᠢ ᠦᠯᠡᠳᠡᠭᠡᠬᠦ᠂ ᠰᠢᠭᠠᠷᠤ ᠶᠢ ᠨᠢ ᠬᠠᠶᠠᠵᠤ ᠰᠣᠳᠣ ᠶᠢ ᠨᠢ ᠠᠪᠬᠤ ᠳᠡᠭᠡᠷ᠎ᠡ ᠬᠦᠴᠦ ᠲᠠᠯᠪᠢᠬᠤ ᠬᠡᠷᠡᠭᠲᠡᠶ︔ ᠦᠡᠭᠭᠡᠨ ᠲᠠᠯ᠎ᠠ ᠠᠴᠠ ᠳᠤᠲᠤᠷ ᠲᠠᠯ᠎ᠠ ᠳᠤ᠂ ᠭᠦᠢᠬᠡᠨ ᠠᠴᠠ ᠭᠦᠨ ᠲᠠᠯ᠎ᠠ ᠳᠤ ᠬᠦᠴᠦ ᠲᠠᠯᠪᠢᠬᠤ ᠬᠡᠷᠡᠭᠲᠡᠶ︔ ᠡᠭᠦᠨ ᠠᠴᠠ ᠲᠡᠭᠦᠨ ᠳᠤ ᠬᠦᠷᠲᠡᠯ᠎ᠡ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠳᠡᠭᠡᠷ᠎ᠡ ᠬᠦᠴᠦ ᠲᠠᠯᠪᠢᠬᠤ ᠬᠡᠷᠡᠭᠲᠡᠶ᠃ ᠭᠤᠷᠪᠠ ᠳᠤ᠂ ᠠᠰᠠᠭᠤᠳᠠᠯ ᠢ ᠰᠢᠢᠳᠪᠦᠷᠢᠯᠡᠬᠦ ᠳᠤ ᠬᠠᠷᠢᠭᠤ ᠰᠡᠳᠬᠢᠬᠦᠢ ᠲᠠᠢ ᠪᠠᠶᠢᠬᠤ ᠶᠢ ᠪᠠᠷᠢᠮᠲᠠᠯᠠᠬᠤ ᠬᠡᠷᠡᠭᠲᠡᠢ᠃ ᠣᠶᠢᠯᠠᠭᠠᠭᠳᠠᠬᠤᠨ ᠰᠡᠳᠬᠢᠴᠡ ᠶᠢᠨ ᠲᠠᠯ᠎ᠠ ᠠᠴᠠ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ᠃ ᠰᠡᠳᠬᠢᠬᠦᠶ ᠶᠢᠨ ᠬᠤᠷᠴᠠ ᠰᠡᠷᠭᠡᠭ ᠴᠢᠨᠠᠷ ᠪᠠ ᠨᠡᠭᠡᠭᠡᠯᠲᠡᠲᠦ ᠬᠡᠮᠵᠢᠶ᠎ᠡ ᠶᠢ ᠪᠠᠲᠤᠯᠠᠵᠤ᠂ ᠢᠨᠧᠷᠼᠢ ᠶᠢᠨ ᠰᠡᠳᠬᠢᠬᠦᠶ᠂ ᠠᠷᠭ᠎ᠠ ᠵᠠᠮ ᠤᠨ ᠲᠦᠰᠢᠭᠯᠡᠯ ᠢ ᠡᠪᠳᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠠᠰᠠᠭᠤᠳᠠᠯ ᠢ ᠦᠨᠡᠨ ᠬᠦ ᠰᠢᠢᠳᠪᠦᠷᠢᠯᠡᠬᠦ ᠰᠢᠨ᠎ᠡ ᠣᠶᠢᠯᠠᠭᠠᠭᠳᠠᠬᠤᠨ ᠰᠢᠨ᠎ᠡ ᠰᠡᠳᠬᠢᠴᠡ ᠶᠢ ᠰᠤᠳᠤᠯᠤᠨ ᠳᠤᠷᠠᠳᠬᠤ ᠬᠡᠷᠡᠭᠲᠡᠶ᠃ ᠠᠵᠢᠯ ᠤᠨ ᠲᠣᠭᠲᠠᠴᠠ ᠶᠢᠨ ᠲᠠᠯ᠎ᠠ ᠠᠴᠠ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠶ᠃ ᠠᠵᠢᠯ ᠤᠨ ᠲᠣᠭᠲᠠᠴᠠ ᠶᠢᠨ ᠲᠠᠯ᠎ᠠ ᠠᠴᠠ ᠠᠷᠭ᠎ᠠ ᠪᠤᠳᠤᠬᠤ᠂ ᠠᠷᠭᠠᠴᠠᠭᠠᠬᠤ ᠠᠷᠭ᠎ᠠ ᠡᠷᠢᠬᠦ ᠶᠢ ᠪᠠᠷᠢᠮᠲᠠᠯᠠᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠪᠠᠶᠢᠩᠭᠤ ᠠᠳᠬᠤᠨ ᠤᠷᠳᠤ ᠬᠤᠭᠤᠴᠠᠭ᠎ᠠ ᠪᠠᠷ ᠠᠳᠬᠤᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠠᠷᠭ᠎ᠠ ᠬᠡᠯᠪᠡᠷᠢ ᠶᠢᠨ ᠲᠠᠯ᠎ᠠ ᠪᠠᠷ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ᠃ ︽ᠣᠶᠢᠯᠠᠭᠠᠮᠵᠢᠲᠠᠶ ᠰᠡᠳᠬᠢᠬᠦᠶ︾ ᠶᠢ ᠪᠠᠲᠤ ᠪᠠᠬᠢ ᠪᠤᠢ ᠪᠣᠯᠭᠠᠵᠤ᠂ ᠠᠳᠠᠯᠢ ᠪᠤᠰᠤ ᠠᠰᠠᠭᠤᠳᠠᠯ ᠳᠤ ᠴᠢᠭᠯᠡᠭᠦᠯᠦᠨ ᠠᠳᠠᠯᠢ ᠪᠤᠰᠤ ᠰᠢᠢᠳᠪᠦᠷᠢᠯᠡᠬᠦ ᠠᠷᠭ᠎ᠠ ᠶᠢ ᠬᠡᠷᠡᠭᠯᠡᠵᠦ᠂ ᠠᠰᠠᠭᠤᠳᠠᠯ ᠢ ᠰᠢᠢᠳᠪᠦᠷᠢᠯᠡᠨ᠂ ᠠᠵᠢᠯ ᠢᠶᠠᠨ ᠲᠦᠯᠬᠢᠨ ᠠᠬᠢᠭᠤᠯᠵᠤ᠂ ᠪᠠᠭ᠎ᠠ ᠬᠦᠴᠦ ᠣᠷᠣᠭᠤᠯᠵᠤ ᠶᠡᠭᠡ ᠠᠮᠵᠢᠯᠲᠠ ᠭᠠᠷᠭᠠᠬᠤ ᠶᠢ ᠪᠡᠶᠡᠯᠡᠭᠦᠯᠬᠦ ᠬᠡᠷᠡᠭᠲᠡᠶ᠃ ᠲᠦᠷᠪᠡ ᠳᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠭᠤᠣᠯ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠲᠣᠰ ᠤᠳᠠᠭᠠᠨ ᠤ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠭᠤᠤᠯ ᠠᠵᠢᠯ ᠪᠠ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠳᠥᠯᠭᠢᠨ ᠠᠬᠢᠭᠤᠯᠬᠤ ᠪᠣᠳᠠᠲᠠᠶ ᠰᠡᠳᠬᠢᠴᠡ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ︽ᠵᠢᠵᠢᠭ ᠬᠡᠷᠴᠢᠶᠡᠰᠦ︾ ᠠᠴᠠ ᠭᠠᠷᠲᠠᠨ ᠨᠠᠷᠢᠯᠢᠭ ᠣᠨᠣᠴᠠᠲᠠᠶ ᠪᠠᠷ ᠬᠦᠴᠦᠯᠡᠬᠦ ᠶᠢᠨ ᠤᠯᠠᠮ ᠢᠶᠠᠷ ︽ᠲᠣᠮᠣ ᠠᠰᠠᠭᠤᠳᠠᠯ︾ ᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠠᠷᠠᠳ ᠤᠨ ᠲᠥᠯᠥᠭᠡ ᠵᠢᠳᠬᠦᠬᠦ ᠪᠣᠳᠠᠲᠤ ᠶᠠᠪᠤᠳᠠᠯ ᠢ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠰᠠᠶᠢᠲᠤᠷ ᠬᠢᠬᠦ ᠬᠡᠷᠡᠭᠲᠡᠶ᠃ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠤᠳ ᠢ ᠰᠠᠶᠢᠲᠤᠷ ᠬᠢᠬᠦ ᠪᠠᠷ ᠳᠠᠮᠵᠢᠭᠤᠯᠤᠨ᠂ ᠤᠯᠠᠨ ᠲᠦᠮᠡᠨ ᠳᠤ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠥᠪᠡᠷ ᠤᠨ ᠪᠡᠶ᠎ᠡ ᠪᠠᠷ ᠢᠶᠠᠨ ᠮᠡᠳᠡᠷᠡᠭᠦᠯᠵᠦ᠂ ᠨᠢᠭᠡ ᠶᠢ ᠬᠢᠪᠡᠯ ᠨᠢᠭᠡ ᠶᠢ ᠪᠡᠶᠡᠯᠡᠭᠦᠯᠵᠦ᠂ ᠨᠢᠭᠡ ᠶᠢ ᠪᠡᠶᠡᠯᠡᠭᠦᠯᠪᠡᠯ ᠠᠷᠠᠳ ᠤᠯᠠᠨ ᠢ ᠰᠡᠳᠬᠢᠯ ᠬᠠᠨᠤᠮᠵᠢᠲᠠᠶ ᠪᠣᠯᠭᠠᠨ᠎ᠠ᠃ ᠪᠠᠶᠢᠴᠠᠭᠠᠨ ᠰᠤᠳᠤᠯᠤᠯᠲᠠ ᠶᠢᠨ ︽ᠰᠡᠭᠦᠯᠴᠢ ᠶᠢᠨ ᠬᠠᠭᠠᠰ ᠵᠣᠬᠢᠶᠠᠯ︾ ᠢ ᠰᠠᠶᠢᠲᠤᠷ ᠬᠢᠬᠦ ᠬᠡᠷᠡᠭᠲᠡᠶ᠃ ︽ᠣᠳᠣᠬᠠᠨ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠷᠢᠮᠲᠠᠯᠠᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠶᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠪᠠᠶᠢᠴᠠᠭᠠᠨ ᠰᠤᠳᠤᠯᠤᠯᠲᠠ ᠶᠢᠨ ᠬᠡᠯᠪᠡᠷᠢ ᠶᠢ ᠦᠷᠭᠦᠯᠵᠢᠯᠡᠨ ᠰᠢᠯᠢᠳᠡᠭᠵᠢᠭᠦᠯᠵᠦ᠂ ᠪᠠᠶᠢᠴᠠᠭᠠᠨ ᠰᠤᠳᠤᠯᠤᠯᠲᠠ ᠶᠢᠨ ᠰᠤᠷᠲᠠᠯ ᠢ ᠰᠠᠶᠢᠵᠢᠷᠠᠭᠤᠯᠵᠤ᠂ ᠪᠠᠶᠢᠴᠠᠭᠠᠨ ᠰᠤᠳᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠠᠶᠢᠴᠠᠭᠠᠨ ᠰᠤᠳᠤᠯᠤᠯᠲᠠ ᠶᠢᠨ ᠠᠵᠢᠯ ᠤᠨ ᠳᠦᠷᠢᠮᠵᠢᠯᠲᠡ ᠪᠠ ᠵᠢᠷᠤᠮᠵᠢᠯᠲᠠ ᠶᠢ ᠠᠬᠢᠭᠤᠯᠬᠤ ᠬᠡᠷᠡᠭᠲᠡᠢ᠃      ᠲᠣᠭᠤᠷᠢᠭ ᠤᠨ ᠤᠳᠤᠷᠢᠳᠤᠯᠭ᠎ᠠ ᠵᠤᠤ ᠶᠦᠩ ᠬᠤᠩ᠂ ᠯᠢᠦ ᠵᠢᠢ ᠶᠤᠸᠠᠨ᠂ ᠶᠠᠩ ᠳ᠋ᠧ ᠵᠢᠶᠧ᠂ ᠭᠤᠤ ᠰᠢᠶᠤᠤ ᠢᠦᠢ᠂ ᠮᠧᠩ ᠴᠦᠨ ᠶᠠᠨ᠂ ᠴᠢᠶᠣᠤ ᠬᠠᠢ ᠪᠢᠶᠤᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠪᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号