ᠢᠦᠶ ᠴᠢᠤᠸᠠᠨ ᠲᠣᠭᠤᠷᠢᠭ᠄ 60 ᠬᠠᠷᠮᠠᠨ ᠴᠡᠴᠡᠷᠯᠢᠭ ᠨᠢ ᠰᠠᠭᠤᠭᠠᠯᠢ ᠠᠷᠠᠳ ᠤᠨ ︽ᠪᠢᠴᠢᠯ︾ ᠵᠣᠯ ᠵᠢᠷᠭᠠᠯ ᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2023/11/2
     ᠡᠨᠡ ᠵᠢᠯ ᠠᠴᠠ ᠨᠠᠭᠠᠰᠢ᠂ ᠬᠤᠲᠠ ᠶᠢᠨ ᠲᠣᠭᠤᠷᠢᠭ ᠤᠨ ᠳᠡᠰ ᠢ ᠦᠷᠭᠦᠯᠵᠢᠯᠡᠨ  ᠳᠡᠭᠡᠭᠰᠢᠯᠡᠭᠦᠯᠵᠦ᠂ ᠰᠠᠭᠤᠷᠢᠰᠢᠬᠤ ᠳᠤ ᠲᠣᠬᠢᠷᠠᠮᠵᠢᠲᠠᠶ ᠠᠵᠢᠯ ᠦᠢᠯᠡᠰ ᠲᠤ ᠲᠣᠬᠢᠷᠠᠮᠵᠢᠲᠠᠶ ᠵᠤᠭᠠᠴᠠᠬᠤ ᠳᠤ ᠲᠣᠬᠢᠷᠠᠮᠵᠢᠲᠠᠶ ᠬᠤᠲᠠ ᠶᠢᠨ ᠲᠣᠭᠤᠷᠢᠭ ᠢ ᠨᠠᠷᠢᠯᠢᠬᠵᠢᠭᠤᠯᠤᠨ ᠪᠦᠲᠦᠭᠡᠨ ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠨᠠᠷᠢᠯᠢᠬᠵᠢᠭᠤᠯᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠲᠣᠭᠤᠷᠢᠭ ᠤᠨ ᠴᠢᠨᠠᠷ ᠰᠠᠶᠢᠲᠠᠶ ᠪᠣᠬᠢᠷᠲᠤᠯ ᠦᠭᠡᠶ ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠶᠢᠨ ᠲᠦᠯᠦᠭᠡ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠷᠥᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠲᠥᠷᠥᠯ ᠵᠢᠴᠢ ᠦᠵᠡᠮᠵᠢ ᠶᠢᠨ ᠳᠡᠭᠡᠭᠰᠢᠯᠡᠯᠲᠡ ᠶᠢᠨ ᠲᠥᠷᠥᠯ ᠶᠣᠰᠣᠭᠠᠷ᠂ ᠢᠦᠢ ᠴᠢᠤᠸᠠᠨ ᠲᠣᠭᠤᠷᠢᠭ ᠤᠨ ᠬᠢᠨ ᠬᠠᠷᠢᠶ᠎ᠠ ᠲᠣᠭᠤᠷᠢᠭ ᠤᠨ ᠳᠣᠲᠣᠷᠠᠬᠢ ᠴᠡᠴᠡᠷᠯᠢᠭ ᠤᠨ ᠠᠭᠤᠳᠠᠮ ᠲᠠᠯᠠᠪᠠᠢ᠂ ᠨᠡᠶᠢᠭᠡᠮ ᠲᠣᠭᠤᠷᠢᠭ ᠤᠨ ᠬᠦᠷᠢᠶ᠎ᠡ ᠬᠠᠰᠢᠶ᠎ᠠ ᠵᠢᠴᠢ ᠰᠤᠯᠠ ᠪᠠᠶᠢᠬᠤ ᠭᠠᠵᠠᠷ ᠰᠢᠷᠣᠢ ᠶᠢ ᠨᠣᠭᠤᠭᠠᠷᠠᠭᠤᠯᠵᠤ ᠳᠡᠭᠡᠭᠰᠢᠯᠡᠭᠦᠯᠦᠨ᠂ 60 ᠬᠠᠷᠮᠠᠨ ᠴᠡᠴᠡᠷᠯᠢᠭ ᠢ ᠲᠦᠷᠦᠯ ᠬᠤᠪᠢᠶᠠᠨ ᠬᠡᠷᠡᠭᠵᠢᠭᠦᠯᠵᠦ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠲᠠᠯᠠᠪᠠᠢ ᠨᠢ ᠪᠠᠷᠤᠭ 18 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠪᠦᠳᠦᠭᠡᠨ ᠪᠠᠶᠢᠭᠤᠯᠤᠯᠲᠠ ᠶᠢᠨ ᠠᠭᠤᠯᠭ᠎ᠠ ᠳᠤ ᠡᠯ᠎ᠡ ᠲᠦᠷᠦᠯ ᠤᠨ ᠲᠤᠷᠤᠭ ᠪᠤᠳᠠ ᠮᠣᠳᠣ᠂ ᠬᠤᠸᠠᠷ ᠴᠡᠴᠡᠭ ᠲᠠᠷᠢᠬᠤ ᠵᠢᠴᠢ ᠵᠦᠯᠭᠡ ᠳᠡᠪᠢᠰᠬᠦ᠂ ᠤᠰᠤ ᠨᠡᠪᠲᠡᠷᠡᠬᠦ ᠥᠩᠭᠡᠲᠦ ᠲᠡᠭᠰᠢ ᠭᠠᠵᠠᠷ ᠳᠡᠪᠢᠰᠬᠦ᠂ ᠬᠤᠨᠭ᠍ᠬᠢᠯ ᠤᠨ ᠵᠢᠶᠠᠰᠠ᠂ ᠬᠤᠨᠭ᠍ᠬᠢᠯ ᠤᠨ ᠲᠢᠩᠰᠡ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠵᠢᠴᠢ ᠢᠵᠢ ᠪᠦᠷᠢᠳᠦᠭᠰᠡᠨ ᠤᠯᠠᠨ ᠨᠡᠶᠢᠲᠡ ᠶᠢᠨ ᠲᠥᠬᠦᠭᠡᠷᠦᠮᠵᠢ ᠤᠭᠰᠠᠷᠠᠬᠤ ᠵᠡᠷᠭᠡ ᠶᠢ ᠪᠠᠭᠲᠠᠭᠠᠵᠠᠢ᠃ ᠪᠦᠲᠦᠭᠡᠨ ᠪᠠᠶᠢᠭᠤᠯᠬᠤ ᠶᠠᠪᠤᠴᠠ ᠳᠤ᠂ ︽ᠴᠡᠪᠡᠷ ᠠᠪᠰᠠᠷᠬᠠᠨ ᠠᠭᠠᠷ ᠮᠠᠨᠳᠠᠯ᠂ ᠲᠠᠯ᠎ᠠ ᠨᠤᠲᠤᠭ ᠤᠨ ᠥᠩᠭᠡ ᠦᠵᠡᠮᠵᠢ︾ ︽ᠣᠳᠣᠬᠢ ᠪᠠᠶᠢᠳᠠᠯ ᠢ ᠬᠦᠨᠳᠦᠳᠬᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ︾ ︽ᠬᠤᠲᠠ ᠶᠢᠨ ᠬᠤᠤᠰ ᠵᠠᠰᠠᠯᠲᠠ᠂ ᠡᠶ᠎ᠡ ᠵᠣᠬᠢᠴᠠᠯ ᠲᠠᠢ ᠬᠠᠮᠲᠤᠪᠠᠷ ᠭᠥᠷᠳᠡᠬᠦ︾ ᠪᠠᠷ ᠵᠢᠷᠤᠭᠯᠠᠨ ᠲᠥᠯᠥᠪᠯᠡᠬᠦ ᠵᠠᠷᠴᠢᠮ ᠪᠣᠯᠭᠠᠵᠤ᠂ ᠭᠤᠤᠯ ᠰᠡᠳᠦᠪᠲᠦ ᠰᠠᠭᠤᠭᠳᠠᠯ᠂ ᠣᠷᠣᠨ ᠵᠠᠶ ᠶᠢ ᠡᠮᠬᠢᠯᠡᠬᠦ᠂ ᠵᠠᠩᠭᠢᠯᠠᠭ᠎ᠠ ᠶᠢᠨ ᠴᠡᠭ ᠲᠤ ᠥᠩᠭᠡ ᠪᠤᠳᠤᠭ ᠨᠡᠮᠡᠷᠢᠯᠡᠬᠦ᠂ ᠡᠯᠪᠡᠭ ᠪᠠᠶᠠᠯᠢᠭ ᠥᠩᠭᠡᠷᠡᠭᠡᠯᠲᠡ ᠪᠠᠷ ᠵᠢᠷᠤᠭᠯᠠᠨ ᠲᠥᠯᠥᠪᠯᠡᠬᠦ ᠠᠷᠭ᠎ᠠ ᠪᠣᠳᠣᠯᠭ᠎ᠠ ᠪᠣᠯᠭᠠᠨ᠂ ᠲᠤᠷᠤᠭ ᠪᠤᠲᠠ ᠮᠣᠳᠣᠨ ᠤ ᠤᠷᠭᠤᠯᠲᠠ ᠶᠢᠨ ᠣᠷᠣᠨ ᠵᠠᠶ ᠶᠢ ᠡᠮᠬᠢᠯᠡᠨ ᠳᠢᠭᠯᠡᠵᠦ᠂ ᠵᠠᠮ ᠤᠨ ᠭᠤᠤᠯ ᠰᠡᠳᠦᠪᠲᠦ ᠣᠨᠴᠠᠯᠢᠭ᠂ ᠵᠠᠮ ᠤᠨ ᠠᠭᠤᠯᠵᠠᠷ ᠤᠨ ᠣᠷᠣᠨ ᠵᠠᠶ ᠶᠢ ᠨᠡᠮᠡᠷᠢᠯᠡᠵᠦ᠂ ᠪᠠᠶᠢᠭᠠᠯᠢ ᠶᠢᠨ ᠬᠤᠯᠪᠣᠯᠳᠤᠯ᠂ ᠪᠣᠬᠢᠷᠲᠤᠯ ᠥᠬᠡᠶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠡᠷᠡᠭᠦᠯ ᠮᠡᠨᠳᠦ ᠪᠡᠶ᠎ᠡ ᠴᠢᠭᠢᠷᠠᠭᠵᠢᠭᠤᠯᠬᠤ᠂ ᠰᠣᠶᠣᠯ ᠤᠨ ᠬᠠᠶᠢᠯᠲᠠ ᠵᠡᠷᠭᠡ ᠴᠢᠳᠠᠮᠵᠢ ᠶᠢ ᠪᠡᠶᠡᠯᠡᠭᠦᠯᠦᠨ᠎ᠡ᠃
     ᠢᠦᠶ ᠴᠢᠤᠸᠠᠨ ᠲᠣᠭᠤᠷᠢᠭ ᠤᠨ ᠬᠢᠨ ᠠᠮᠢ ᠠᠬᠤᠶ ᠶᠢᠨ ᠨᠣᠭᠤᠭᠠᠷᠠᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠭᠤᠤᠯ ᠤᠨ ᠵᠠᠮ ᠤᠨ ᠠᠮᠢ ᠠᠬᠤᠶ ᠶᠢ ᠰᠡᠷᠭᠦᠭᠡᠨ ᠵᠠᠰᠠᠬᠤ᠂ ᠴᠡᠴᠡᠷᠯᠢᠭ ᠤᠨ ᠨᠣᠭᠤᠭᠠᠷᠠᠭᠤᠯᠤᠯᠲᠠ᠂ ᠵᠠᠮ ᠤᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠭᠦᠨᠵᠡᠭᠡᠶ ᠬᠡᠷᠡᠭᠵᠢᠭᠦᠯᠵᠦ᠂ ᠠᠮᠢ ᠠᠬᠤᠶ ᠶᠢᠨ ᠰᠡᠯᠡᠭᠦᠴᠡᠯ ᠤᠨ ᠲᠣᠭᠤᠷᠢᠭ᠂ ᠬᠠᠷᠮᠠᠨ ᠴᠡᠴᠡᠷᠯᠢᠭ ᠪᠠ ᠨᠣᠭᠤᠭᠠᠨ ᠵᠠᠮ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠤ᠂ ᠠᠮᠢ ᠠᠬᠤᠶ ᠶᠢᠨ ᠨᠣᠭᠤᠭᠠᠷᠠᠭᠤᠯᠤᠯᠲᠠ ᠶᠢᠨ ᠬᠠᠮᠤᠷᠬᠤ ᠲᠠᠯᠠᠪᠠᠶ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠮᠣᠳᠣ ᠴᠡᠴᠡᠭ ᠡᠪᠡᠰᠦ ᠤᠶᠠᠯᠳᠤᠭᠰᠠᠨ᠂ ᠴᠡᠭ ᠱᠤᠭᠤᠮ ᠵᠠᠯᠭᠠᠯᠳᠤᠭᠰᠠᠨ ᠵᠦᠯᠭᠡ ᠭᠠᠵᠠᠷ ᠤᠨ ᠠᠮᠢ ᠠᠬᠤᠶ ᠶᠢᠨ ᠰᠢᠰᠲ᠋ᠧᠮ ᠢ ᠪᠣᠶ ᠪᠤᠯᠭᠠᠪᠠ᠃
     ︽ᠬᠠᠶᠢᠮᠢᠶᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠦᠭᠯᠡᠭᠦᠷ︾ ᠢ ᠦᠨᠳᠦᠰᠦᠯᠡᠪᠡᠯ᠂ ᠴᠡᠴᠡᠷᠯᠢᠭ᠂ ᠵᠠᠮ ᠤᠨ ᠨᠣᠭᠤᠭᠠᠷᠠᠭᠤᠯᠤᠯᠲᠠ ᠶᠢᠨ ᠥᠭᠡᠷᠡᠴᠢᠯᠡᠯᠲᠡ ᠳᠤ ᠡᠩ ᠲᠡᠷᠢᠭᠦᠨ ᠳᠤ ᠡᠪᠡᠰᠦ ᠳᠠᠷᠢᠬᠤ ᠰᠤᠪᠠᠭ ᠂ ᠪᠣᠷᠣᠭᠠᠨ ᠤ ᠤᠰᠤᠨ ᠤ ᠴᠡᠴᠡᠷᠯᠢᠭ᠂ ᠳᠣᠷᠣᠭᠰᠢ ᠰᠠᠭᠤᠭᠳᠠᠬᠤ ᠮᠠᠶ᠋ᠢᠭ ᠤᠨ ᠵᠦᠯᠭᠡ ᠭᠠᠵᠠᠷ ᠵᠡᠷᠭᠡ ︽ᠪᠣᠬᠢᠷᠲᠤᠯ ᠥᠬᠡᠶ︾ ᠠᠷᠭ᠎ᠠ ᠬᠡᠮᠵᠢᠶ᠎ᠡ ᠶᠢ ᠠᠰᠢᠭᠯᠠᠨ ᠤᠰᠤ ᠲᠠᠲᠠᠷᠠᠭᠤᠯᠬᠤ ᠶᠢ ᠵᠣᠬᠢᠶᠠᠨ ᠪᠠᠶᠢᠭᠤᠯᠵᠤ᠂ ︽ᠤᠳᠠᠭᠠᠨ ᠭᠠᠳᠠᠭᠰᠢᠯᠠᠭᠤᠯᠵᠤ ᠠᠯᠭᠤᠷ ᠰᠤᠯᠠᠯᠠᠬᠤ︾ ᠪᠠ ︽ᠡᠬᠢ ᠡᠭᠦᠰᠦᠯ ᠠᠴᠠ ᠨᠢ ᠰᠠᠯᠭᠠᠬᠤ︾ ᠪᠠᠷ ᠡᠵᠡᠮᠳᠡᠬᠦ ᠪᠠᠷ ᠭᠤᠤᠯ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠣᠨᠣᠯᠵᠢᠬᠤᠨ ᠪᠣᠯᠭᠠᠵᠤ᠂ ᠦᠶᠡᠷ ᠤᠰᠤᠲᠤᠯ ᠠᠴᠠ ᠵᠠᠶᠢᠯᠠᠰᠬᠢᠬᠦ ᠶᠢᠨ ᠬᠠᠮᠲᠤ ᠪᠣᠷᠣᠭᠠᠨ ᠤ ᠤᠰᠤ ᠶᠢ ᠪᠦᠲᠦᠮᠵᠢᠲᠡᠶ ᠬᠤᠷᠢᠶᠠᠨ ᠴᠤᠭᠯᠠᠭᠤᠯᠬᠤ ᠶᠢ ᠴᠢᠬᠤᠯᠠᠴᠢᠯᠠᠪᠠ᠃ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ ᠨᠣᠭᠤᠭᠠᠷᠠᠭᠤᠯᠬᠤ ᠨᠢ ᠪᠣᠷᠣᠭᠠᠨ ᠤ ᠤᠰᠤ ᠶᠢ ᠰᠠᠭᠠᠲᠠᠭᠤᠯᠬᠤ ᠶᠢᠨ ᠵᠡᠷᠭᠡ ᠳᠤ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠠᠯᠠᠭᠤᠨ ᠠᠷᠠᠯ ᠤᠨ ᠦᠢᠯᠡᠳᠦᠯ ᠢ ᠨᠠᠮᠳᠠᠭᠤᠯᠬᠤ ᠦᠢᠯᠡᠳᠦᠯ ᠢ ᠪᠠᠳᠠᠷᠠᠭᠤᠯᠤᠨ᠎ᠠ︔ ᠶᠠᠪᠠᠭᠠᠨ ᠬᠥᠮᠦᠨ ᠤ ᠵᠠᠮ᠂ ᠠᠭᠤᠳᠠᠮ ᠲᠠᠯᠠᠪᠠᠢ ᠳᠤ ᠤᠰᠤ ᠨᠡᠪᠲᠡᠷᠡᠬᠦ ᠳᠡᠪᠢᠰᠦᠮᠡᠯ ᠢ ᠬᠡᠷᠡᠭᠯᠡᠵᠦ ᠪᠣᠯᠤᠨ᠎ᠠ︔ ᠨᠥᠬᠦᠴᠡᠯ ᠲᠠᠢ ᠵᠦᠯᠭᠡ ᠭᠠᠵᠠᠷ ᠢ ︽ᠳᠣᠷᠣᠭᠰᠢ  ᠲᠤᠨᠤᠭᠤᠯᠵᠤ︾᠂ ᠪᠣᠷᠣᠭᠠᠨ ᠤ ᠤᠰᠤ ᠶᠢ ᠲᠤᠨᠤᠯᠲᠠ ᠮᠠᠶ᠋ᠢᠭ ᠤᠨ ᠵᠦᠯᠭᠡ ᠭᠠᠵᠠᠷ ᠲᠤ ᠣᠷᠣᠭᠤᠯᠵᠤ ᠳᠣᠭᠢᠷᠠᠭᠤᠯᠤᠨ ᠬᠠᠳᠠᠭᠠᠯᠠᠬᠤ᠂ ᠳᠣᠷᠣᠭᠰᠢ ᠨᠡᠪᠴᠢᠭᠦᠯᠬᠦ ᠪᠠ ᠴᠡᠪᠡᠷᠰᠢᠭᠦᠯᠬᠦ ᠠᠴᠠ ᠪᠢᠰᠢ᠂ ᠬᠠᠷᠢᠨ ᠰᠢᠭᠤᠳ ᠪᠣᠬᠢᠷ ᠤᠰᠤᠨ ᠤ ᠬᠤᠭᠤᠯᠠᠶ ᠪᠠᠷ ᠳᠠᠮᠵᠢᠭᠤᠯᠤᠨ ᠭᠠᠳᠠᠭᠰᠢᠯᠠᠭᠤᠯᠬᠤ ᠪᠢᠰᠢ ᠶᠤᠮ᠃      ᠡᠨᠡ ᠵᠢᠯ ᠠᠴᠠ ᠨᠠᠭᠠᠰᠢ᠂ ᠢᠦᠢ ᠴᠢᠤᠸᠠᠨ ᠲᠣᠭᠤᠷᠢᠭ ᠤᠨ ᠬᠠᠷᠮᠠᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠨᠢ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠪᠤᠶᠢᠵᠢᠯᠲᠠ ᠬᠥᠭᠵᠢᠯᠲᠡ ᠶᠢ ᠬᠦᠴᠦᠯᠡᠨ ᠰᠢᠯᠢᠳᠡᠭᠵᠢᠭᠦᠯᠬᠦ ᠪᠠᠷ ᠡᠬᠢᠯᠡᠯᠲᠡ ᠪᠣᠯᠭᠠᠵᠤ᠂ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃      ︽ᠬᠠᠷᠮᠠᠨ ᠴᠡᠴᠡᠷᠯᠢᠭ ᠨᠢ ᠬᠤᠳᠠ ᠶᠢᠨ ᠲᠣᠭᠤᠷᠢᠭ ᠤᠨ ᠣᠷᠣᠨ ᠵᠠᠢ ᠶᠢ ᠦᠨᠡᠨᠬᠦ ᠴᠢᠮᠡᠭᠯᠡᠪᠡ᠂ ᠳᠠᠷᠠᠭᠠᠴᠢ ᠶᠢᠨ ᠠᠯᠬᠤᠮ ᠳᠤ ᠪᠢᠳᠡ ᠤᠷᠳᠤ ᠬᠤᠭᠤᠴᠠᠭᠠᠨ ᠤ ᠪᠦᠲᠦᠮᠵᠢᠲᠡᠢ ᠬᠠᠮᠠᠭᠠᠯᠠᠨ ᠳᠡᠭᠡᠭᠰᠢᠯᠡᠭᠦᠯᠵᠦ ᠪᠠᠬᠢᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠ ᠶᠢᠨ ᠠᠷᠠᠳ ᠲᠤ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠬᠠᠷᠮᠠᠨ ᠴᠡᠴᠡᠷᠯᠢᠭ ᠤᠨ ︿ᠵᠢᠵᠢᠭ ᠮᠥᠷᠲᠡᠭᠡᠨ ᠰᠢᠯᠢᠳᠡᠭ﹀ ᠢᠶᠠᠷ ᠳᠠᠮᠵᠢᠨ ᠢᠦᠢ ᠴᠢᠤᠸᠠᠨ ᠤ ᠷᠢᠳᠢ ᠰᠢᠳᠢ ᠶᠢ ᠢᠯᠡᠷᠡᠭᠦᠯᠵᠦ᠂ ᠰᠠᠭᠤᠭᠠᠯᠢ ᠠᠷᠠᠳ ᠤᠨ ︿ᠪᠢᠴᠢᠯ﹀ ᠵᠣᠯ ᠵᠢᠷᠭᠠᠯ ᠢ ᠳᠡᠭᠡᠭᠰᠢᠯᠡᠭᠦᠯᠦᠨ᠎ᠡ︾ ᠭᠡᠵᠦ ᠢᠦᠢ ᠴᠢᠤᠸᠠᠨ ᠲᠣᠭᠤᠷᠢᠭ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠽᠸᠤ ᠴᠢᠩ ᠲᠠᠨᠢᠯᠴᠠᠭᠤᠯᠪᠠ᠃             ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号