ᠢᠦᠶ ᠴᠢᠤᠸᠠᠨ ᠲᠣᠭᠤᠷᠢᠭ ᠤᠨ ᠤᠳᠤᠷᠢᠳᠬᠤ ᠺᠠᠳ᠋ᠷᠴᠤᠳ ︽ᠴᠤᠩᠬᠤᠪᠴᠢ ᠳᠤ ᠰᠠᠭᠤᠬᠤ᠂ ᠴᠤᠪᠤᠷᠠᠯ ᠢᠶᠠᠷ ᠭᠦᠢᠴᠡᠳᠭᠡᠬᠦ᠂ ᠬᠠᠤᠯᠢ ᠬᠡᠷᠡᠭᠵᠢᠭᠦᠯᠬᠦ ᠶᠢ ᠳᠠᠭᠠᠬᠤ︾ ᠪᠠᠶᠢᠷᠢ ᠰᠣᠯᠢᠵᠤ ᠪᠡᠶᠡᠴᠢᠯᠡᠨ ᠤᠶᠢᠯᠠᠭᠠᠵᠤ᠂ ︽ᠰᠡᠳᠬᠢᠯ︾ ᠢᠶᠠᠷ ᠢᠶᠠᠨ ᠵᠠᠮᠨᠠᠵᠤ᠂ ᠨᠠᠩ ᠴᠤ ︽ᠪᠣᠳᠠᠲᠠᠶ︾ ᠪᠠᠷ ᠬᠢᠪᠡ
ᠨᠡᠶᠢᠲᠡᠯᠡᠭᠰᠡᠨ ᠴᠠᠭ᠄
2023/11/24
     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠬᠤᠭᠤᠴᠠᠭᠠᠨ ᠳᠤ᠂ ᠢᠦᠢ ᠴᠢᠤᠸᠠᠨ ᠲᠣᠭᠤᠷᠢᠭ ᠤᠨ ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠳᠠᠲᠠᠢ ᠶᠠᠪᠤᠳᠠᠯ ᠬᠢᠵᠦ ᠠᠷᠠᠳ ᠤᠨ ᠵᠣᠪᠠᠨᠢᠯ ᠢ ᠰᠢᠢᠳᠪᠦᠷᠢᠯᠡᠬᠦ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠠᠪᠴᠤ᠂ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ ᠲᠥᠯᠥᠪᠯᠡᠭᠡ ᠲᠣᠭᠲᠠᠭᠠᠵᠤ᠂ ᠭᠠᠵᠠᠷ ᠤᠨ ᠲᠡᠰ ᠤᠨ ᠤᠳᠤᠷᠢᠳᠤᠯᠭ᠎ᠠ ᠶᠢ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠨᠢᠭᠡᠴᠢ ᠳᠤ ︽ᠴᠤᠩᠬᠤᠪᠴᠢ ᠳᠤ ᠰᠠᠭᠤᠬᠤ᠂ ᠴᠤᠪᠤᠷᠠᠯ ᠢᠶᠠᠷ ᠭᠦᠢᠴᠡᠳᠭᠡᠬᠦ᠂ ᠬᠠᠤᠯᠢ ᠬᠡᠷᠡᠭᠵᠢᠭᠦᠯᠬᠦ ᠶᠢ ᠳᠠᠭᠠᠬᠤ︾ ᠪᠠᠷ ᠲᠤᠬᠢᠷᠠᠭᠤᠯᠵᠤ᠂ ᠬᠡᠷᠡᠭ ᠡᠷᠬᠢᠯᠡᠬᠦ ᠶᠠᠪᠤᠴᠠ ᠶᠢ ᠪᠡᠶᠡᠴᠢᠯᠡᠨ ᠣᠶᠢᠯᠠᠭᠠᠵᠤ᠂ ᠠᠰᠠᠭᠤᠳᠠᠯ ᠳᠤ ᠴᠢᠭᠯᠡᠭᠦᠯᠦᠨ ᠨᠠᠷᠢᠨ ᠲᠠᠩᠰᠠ ᠶᠢ ᠡᠭᠦᠳᠴᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠪᠠ᠃ ᠣᠲᠣ ᠪᠣᠯᠲᠠᠯ᠎ᠠ᠂ ᠬᠡᠷᠡᠭ ᠶᠠᠪᠤᠳᠠᠯ ᠰᠢᠢᠳᠪᠦᠷᠢᠯᠡᠬᠦ ᠳᠤ ᠬᠠᠷᠰᠢ ᠰᠠᠭᠠᠳ 19  ᠵᠦᠢᠯ᠂ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠦᠭᠡᠷᠡᠴᠢᠯᠡᠭᠰᠡᠨ 11 ᠵᠦᠢᠯ ᠪᠠᠶᠢᠬᠤ ᠶᠢ ᠢᠯᠡᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃      ᠳᠦᠷᠢ ᠪᠠᠨ ᠬᠤᠪᠢᠷᠠᠭᠤᠯᠬᠤ ᠳᠤ ︽ᠴᠤᠩᠬᠤᠪᠴᠢ ᠳᠤ ᠰᠠᠭᠤᠬᠤ᠂ ᠴᠤᠪᠤᠷᠠᠯ ᠢᠶᠠᠷ ᠭᠦᠢᠴᠡᠳᠭᠡᠬᠦ︾ ᠪᠣᠯᠭᠠᠵᠤ᠂ ︽ᠰᠡᠳᠬᠢᠯ︾ ᠠᠴᠠ ᠪᠠᠨ ᠤᠯᠠᠨ ᠲᠦᠮᠡᠨ ᠤ ᠵᠣᠪᠠᠨᠢᠯ ᠢ ᠰᠢᠢᠳᠪᠦᠷᠢᠯᠡᠪᠡ᠃ ᠢᠦᠶ ᠴᠢᠤᠸᠠᠨ ᠲᠣᠭᠤᠷᠢᠭ ᠤᠨ ᠬᠢᠨ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠨᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽ᠴᠤᠩᠬᠤᠪᠴᠢ ᠳᠤ ᠰᠠᠭᠤᠬᠤ᠂ ᠴᠤᠪᠤᠷᠠᠯ ᠢᠶᠠᠷ ᠭᠦᠢᠴᠡᠳᠭᠡᠬᠦ︾ ᠠᠵᠢᠯᠯᠠᠭ᠎ᠠ ᠥᠷᠨᠢᠭᠦᠯᠵᠦ᠂ ᠲᠣᠰ ᠲᠣᠰ ︽ᠴᠤᠩᠬᠤᠪᠴᠢ ᠶᠢᠨ ᠠᠵᠢᠯᠲᠠᠨ︾ ᠪᠠ ︽ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ︾ ᠤ ᠬᠠᠷᠠᠭᠠᠰᠤ ᠠᠴᠠ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠪᠥᠬᠦ ᠴᠤᠪᠤᠷᠠᠯ ᠢ ᠪᠡᠶᠡᠴᠢᠯᠡᠨ ᠣᠶᠢᠯᠠᠭᠠᠪᠠ᠃ ᠠᠵᠢᠯᠯᠠᠭ᠎ᠠ ᠶᠢᠨ ᠶᠠᠪᠤᠴᠠ ᠳᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠤᠳᠤᠷᠢᠳᠤᠯᠭ᠎ᠠ ᠰᠠᠨᠠᠭᠠᠴᠢᠯᠠᠭ᠎ᠠ ᠠᠴᠠ ᠪᠠᠨ ᠪᠡᠶ᠎ᠡ ᠶᠢᠨ ᠭᠠᠷᠤᠯ ᠢᠶᠠᠨ ᠢᠯᠡᠷᠡᠭᠦᠯᠵᠦ᠂ ᠠᠵᠢᠯᠲᠠᠨ ᠤ ᠬᠤᠪᠢ ᠪᠠᠷ ᠴᠤᠩᠬᠤᠪᠴᠢ ᠳᠤ ᠰᠠᠭᠤᠵᠤ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠢ ᠭᠥᠯᠢᠶᠡᠨ ᠠᠪᠴᠤ᠂ ᠰᠦᠯᠵᠢᠶᠡᠨ ᠳᠡᠭᠡᠷ᠎ᠡ ᠲᠤᠬᠠᠶᠢᠯᠠᠭᠰᠠᠨ ᠠᠵᠢᠯ ᠢ ᠬᠢᠨᠠᠨ ᠵᠥᠪᠰᠢᠶᠡᠷᠡᠵᠦ᠂ ᠭᠠᠷ ᠭᠦᠢᠴᠡᠳᠭᠡᠯ ᠢ ᠵᠢᠯᠣᠭᠤᠳᠤᠨ ᠲᠡᠭᠦᠯᠳᠡᠷᠵᠢᠭᠦᠯᠵᠦ᠂ ᠠᠵᠢᠯ ᠶᠠᠪᠤᠳᠠᠯ ᠭᠦᠢᠴᠡᠳᠭᠡᠬᠦ ᠠᠵᠢᠯᠲᠠᠨ ᠲᠠᠢ ᠨᠢᠭᠤᠷᠲᠠᠨ ᠰᠣᠯᠢᠯᠴᠠᠬᠤ ᠪᠠᠷ ᠳᠡᠮᠵᠢᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠭᠦᠢᠴᠡᠳᠭᠡᠬᠦ ᠲᠤᠬᠠᠶ ᠰᠠᠨᠠᠯ ᠰᠠᠨᠠᠭᠤᠯᠭ᠎ᠠ ᠶᠢ ᠰᠣᠨᠣᠰᠴᠤ᠂ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠪᠠ᠃ ᠳᠠᠷᠠᠭ᠎ᠠ ᠳᠤᠨᠢ᠂ ᠤᠳᠤᠷᠢᠳᠬᠤ ᠺᠠᠳ᠋ᠷ ᠬᠡᠷᠡᠭ ᠡᠷᠬᠢᠯᠡᠬᠦ ᠬᠥᠮᠦᠰ ᠤᠨ ᠬᠤᠪᠢ ᠪᠠᠷ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠴᠤᠩᠬᠤᠪᠴᠢ ᠳᠤ ᠬᠦᠷᠴᠦ ᠠᠰᠠᠭᠤᠨ ᠯᠠᠪᠯᠠᠬᠤ᠂ ᠬᠦᠰᠦᠨᠦᠭ ᠲᠠᠭᠯᠠᠬᠤ᠂ ᠮᠥᠷᠯᠡᠨ ᠭᠦᠢᠴᠡᠳᠬᠡᠬᠦ᠂ ᠤᠴᠢᠷ ᠶᠠᠪᠤᠳᠠᠯ ᠢ ᠭᠦᠢᠴᠡᠳᠬᠡᠵᠦ ᠳᠠᠭᠤᠰᠬᠠᠬᠤ ᠵᠡᠷᠭᠡ ᠶᠠᠪᠤᠴᠠ ᠶᠢ ᠪᠡᠶᠡᠴᠢᠯᠡᠨ ᠣᠶᠢᠯᠠᠭᠠᠵᠤ᠂ ᠴᠤᠩᠬᠤᠪᠴᠢ ᠶᠢᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠣᠷᠣᠰᠢᠵᠤ ᠪᠠᠶᠢᠭ᠎ᠠ ᠠᠰᠠᠭᠤᠳᠠᠯ᠂ ᠲᠦᠭᠵᠢᠷᠡᠯ ᠢ ᠣᠶᠢᠯᠠᠭᠠᠵᠤ᠂ ᠴᠤᠩᠬᠤᠪᠴᠢ ᠶᠢᠨ ᠠᠵᠢᠯ ᠪᠠ ᠬᠢᠨᠠᠨ ᠵᠥᠪᠰᠢᠶᠡᠷᠡᠬᠦ ᠠᠷᠤ ᠲᠠᠪᠴᠠᠩ ᠤᠨ ᠲᠤᠬᠠᠶᠢᠯᠠᠭᠰᠠᠨ ᠠᠵᠢᠯ ᠤᠨ ᠶᠠᠪᠤᠴᠠ ᠶᠢ ᠰᠢᠯᠢᠳᠡᠭᠵᠢᠭᠦᠯᠬᠦ᠂ ᠭᠦᠢᠴᠡᠳᠬᠡᠬᠦ ᠴᠠᠭ ᠤᠨ ᠬᠢᠵᠠᠭᠠᠷ ᠢ ᠪᠤᠭᠤᠨᠢᠰᠬᠠᠬᠤ ᠶᠢ ᠰᠢᠮᠳᠠᠭᠤᠯᠤᠨ ᠵᠢᠯᠤᠭᠤᠳᠪᠠ᠃      ︽ᠬᠠᠤᠯᠢ ᠬᠡᠷᠡᠭᠵᠢᠭᠦᠯᠬᠦ ᠶᠢ ᠳᠠᠭᠠᠬᠤ︾ ᠶᠢ ᠴᠢᠩᠭ᠎ᠠ ᠠᠳᠬᠤᠵᠤ᠂ ︽ᠪᠣᠳᠠᠲᠠᠢ︾ ᠪᠠᠶᠢᠬᠤ ᠶᠢ ᠲᠡᠷᠢᠭᠦᠨ ᠳᠤ ᠲᠠᠯᠪᠢᠵᠤ ᠠᠷᠠᠳ ᠤᠨ ᠰᠡᠳᠬᠢᠯ ᠢ ᠳᠤᠯᠠᠭᠠᠴᠠᠭᠤᠯᠪᠠ᠃ ᠢᠦᠶ ᠴᠢᠤᠸᠠᠨ ᠲᠣᠭᠤᠷᠢᠭ ᠤᠨ ᠬᠢᠨ ᠬᠠᠤᠯᠢ ᠬᠡᠷᠡᠭᠵᠢᠭᠦᠯᠦᠯᠲᠡ ᠶᠢᠨ ᠲᠥᠪ ᠭᠤᠤᠯᠴᠢ ᠶᠢ ᠪᠠᠲᠤᠯᠠᠬᠤ ᠶᠢ ᠲᠡᠷᠢᠭᠦᠨ ᠴᠢᠬᠤᠯᠠ ᠶᠠᠪᠤᠳᠠᠯ ᠪᠣᠯᠭᠠᠬᠤ ᠶᠢ ᠪᠠᠷᠢᠮᠲᠠᠯᠠᠵᠤ᠂ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠬᠠᠤᠯᠢ ᠬᠡᠷᠡᠭᠵᠢᠭᠦᠯᠬᠦ ᠨᠢᠭᠡᠴᠢ ᠳᠤ ᠬᠦᠷᠴᠦ ᠦᠵᠡᠬᠦ᠂ ᠠᠰᠠᠭᠤᠬᠤ᠂ ᠶᠠᠪᠤᠬᠤ᠂ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠬᠠᠤᠯᠢ ᠬᠡᠷᠡᠭᠵᠢᠭᠦᠯᠬᠦ ᠡᠯ᠎ᠡ ᠭᠤᠭᠴᠤᠭ᠎ᠠ ᠶᠢ ᠣᠶᠢᠯᠠᠭᠠᠪᠠ᠃ ᠶᠠᠪᠤᠴᠠ ᠳᠤ᠂ ᠤᠳᠤᠷᠢᠳᠬᠤ ᠺᠠᠳ᠋ᠷ ᠬᠠᠤᠯᠢ ᠬᠡᠷᠡᠭᠵᠢᠭᠦᠯᠬᠦ ᠨᠢᠭᠡᠳᠦᠭᠡᠷ ᠹᠷᠣᠨᠲ ᠲᠤ ᠬᠦᠷᠴᠦ᠂ ᠨᠢᠭᠡᠨ ᠡᠩ ᠤᠨ ᠬᠠᠤᠯᠢ ᠬᠡᠷᠡᠭᠵᠢᠭᠦᠯᠬᠦ ᠠᠵᠢᠯᠲᠠᠨ ᠤ ᠬᠤᠪᠢ ᠪᠠᠷ ᠪᠤᠰᠤᠳ ᠬᠠᠤᠯᠢ ᠬᠡᠷᠡᠭᠵᠢᠭᠦᠯᠬᠦ ᠠᠵᠢᠯᠲᠠᠨ ᠲᠠᠢ ᠬᠠᠮᠲᠤ ᠪᠠᠷ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠤ ᠣᠷᠣᠯᠴᠠᠵᠤ᠂ ᠪᠦᠬᠦ ᠶᠠᠪᠤᠴᠠ ᠳᠤ ᠠᠵᠢᠯ ᠤᠨ ᠲᠣᠭᠤᠷᠢᠨ ᠪᠠᠶᠢᠴᠠᠭᠠᠬᠤ᠂ ᠲᠤᠬᠠᠢ ᠶᠢᠨ ᠲᠠᠯᠠᠪᠤᠷ ᠲᠤ ᠬᠠᠶᠢᠨ ᠰᠢᠯᠭᠠᠬᠤ᠂ ᠬᠡᠷᠡᠭ ᠢ ᠰᠢᠢᠳᠪᠦᠷᠢᠯᠡᠬᠦ ᠵᠡᠷᠭᠡ ᠭᠤᠭᠴᠤᠭ᠎ᠠ ᠶᠢ ᠳᠠᠭᠠᠵᠤ᠂ ᠬᠠᠤᠯᠢ ᠬᠡᠷᠡᠭᠵᠢᠭᠦᠯᠬᠦ ᠲᠡᠰ ᠳᠠᠷᠠᠭᠠᠯᠠᠯ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ᠂ ᠬᠠᠤᠯᠢ ᠬᠡᠷᠡᠭᠵᠢᠭᠦᠯᠬᠦ ᠠᠭᠤᠯᠭ᠎ᠠ ᠵᠡᠷᠭᠡ ᠶᠢ ᠪᠡᠶᠡᠴᠢᠯᠡᠨ ᠣᠶᠢᠯᠠᠭᠠᠬᠤ ᠮᠠᠶ᠋ᠢᠭ ᠤᠨ ᠬᠢᠨᠠᠨ ᠵᠢᠯᠤᠭᠤᠳᠤᠯᠭ᠎ᠠ ᠬᠢᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠢᠭᠠᠨ ᠭᠠᠷᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠲᠠᠢ ᠬᠠᠤᠯᠢ ᠬᠡᠷᠡᠭᠵᠢᠭᠦᠯᠬᠦ ᠶᠠᠪᠤᠴᠠ ᠶᠢ ᠰᠢᠯᠢᠳᠡᠭᠵᠢᠭᠦᠯᠬᠦ᠂ ᠬᠡᠷᠡᠭ ᠰᠢᠢᠳᠪᠦᠷᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠶᠢ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠮᠲᠤ ᠪᠠᠷ ᠰᠤᠳᠤᠯᠪᠠ᠃ ︽ᠬᠠᠤᠯᠢ ᠬᠡᠷᠡᠭᠵᠢᠭᠦᠯᠬᠦ ᠶᠢ ᠳᠠᠭᠠᠬᠤ︾ ᠠᠵᠢᠯᠯᠠᠭ᠎ᠠ ᠶᠢ ᠥᠷᠨᠢᠭᠦᠯᠬᠦ ᠪᠣᠯ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠪᠦᠲᠦᠮᠵᠢᠲᠡᠶ ᠭᠠᠷᠳᠠᠴᠠ ᠮᠥᠨ᠂ ᠪᠠᠰᠠ ᠴᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠠᠰᠢᠭᠲᠠᠶ ᠰᠥᠪᠡᠭᠴᠢᠯᠡᠯᠲᠡ ᠮᠥᠨ᠃      ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠬᠢᠨ ︽ᠴᠤᠩᠬᠤᠪᠴᠢ ᠳᠤ ᠰᠠᠭᠤᠬᠤ᠂ ᠴᠤᠪᠤᠷᠠᠯ ᠢᠶᠠᠷ ᠭᠦᠢᠴᠡᠳᠭᠡᠬᠦ᠂ ᠬᠠᠤᠯᠢ ᠬᠡᠷᠡᠭᠵᠢᠭᠦᠯᠬᠦ ᠶᠢ ᠳᠠᠭᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠤᠳᠤᠷᠢᠳᠬᠤ ᠺᠠᠳ᠋ᠷ ᠤᠨ ᠵᠠᠩᠭᠢᠯᠠᠭ᠎ᠠ ᠶᠢᠨ ᠴᠥᠭᠡᠨ ᠲᠣᠭᠠᠲᠠᠨ ᠤ ᠦᠢᠯᠡᠳᠦᠯ ᠢ ᠪᠠᠳᠠᠷᠠᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠤᠩᠬᠤᠪᠴᠢ ᠳᠤ ᠰᠠᠭᠤᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠴᠤᠩᠬᠤᠪᠴᠢ ᠳᠤ ᠰᠠᠭᠤᠬᠤ ᠦᠷ᠎ᠡ ᠪᠦᠲᠦᠮᠵᠢ ᠶᠢ ᠪᠣᠳᠠᠲᠠᠶᠢᠵᠢᠭᠤᠯᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠢᠨᠠᠭᠰᠢᠳᠠ ᠵᠢᠷᠤᠮᠵᠢᠭᠤᠯᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠷᠢᠶᠡᠨ ᠤ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号