ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠵᠢᠭ ᠪᠢᠴᠢᠯ ᠠᠵᠤ ᠠᠬᠤᠶᠢᠯᠠᠯ ᠳᠤ ᠬᠠᠨᠳᠤᠭᠤᠯᠤᠨ ᠨᠠᠷᠢᠯᠢᠭ ᠣᠨᠣᠴᠠᠲᠠᠶ ᠪᠠᠷ ︽ᠪᠠᠶᠢᠳᠠᠯ ᠢ ᠠᠰᠠᠭᠤᠬᠤ ᠦᠢᠯᠡᠴᠢᠯᠡᠭᠡ︾ ᠥᠷᠨᠢᠭᠦᠯᠪᠡ
ᠨᠡᠶᠢᠲᠡᠯᠡᠭᠰᠡᠨ ᠴᠠᠭ᠄
2023/11/29
     ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠪᠠᠶᠢᠳᠠᠯ ᠢ ᠠᠰᠠᠭᠤᠬᠤ ᠳᠤ ᠳᠡᠮᠵᠢᠯᠭᠡ ᠦᠵᠡᠭᠦᠯᠬᠦ ᠠᠵᠢᠯ ᠢ ᠨᠠᠷᠢᠯᠢᠭ ᠪᠥᠭᠡᠳ ᠪᠣᠳᠠᠲᠠᠶ ᠬᠢᠵᠦ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 8 ᠳ᠋ᠤᠭᠠᠷ ᠰᠠᠷ᠎ᠠ ᠳᠤ ᠬᠤᠶᠠᠳᠤᠭᠠᠷ ᠬᠤᠭᠤᠴᠠᠭᠠᠨ ᠤ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠴᠢᠯᠡᠭᠡᠨ ᠤ ᠰᠠᠷ᠎ᠠ︾ ᠶᠢ ᠥᠷᠨᠢᠭᠦᠯᠦᠭᠰᠡᠨ ᠠᠴᠠ ᠨᠠᠭᠠᠰᠢ᠂ ᠣᠶᠢᠷ᠎ᠠ ᠳᠤ ᠪᠠᠰᠠ ︽ᠬᠡᠮᠵᠢᠯᠲᠡ ᠶᠢᠨ ᠦᠢᠯᠡᠴᠢᠯᠡᠭᠡᠨ ᠤ ᠳᠤᠮᠳᠠ ᠵᠢᠵᠢᠭ ᠠᠵᠤ ᠠᠬᠤᠶᠢᠯᠠᠯ ᠤᠨ ᠠᠶᠠᠯᠠᠯ︾ ᠤᠨ ᠠᠵᠢᠯᠯᠠᠭ᠎ᠠ ᠥᠷᠨᠢᠭᠦᠯᠵᠦ᠂ ︽ᠬᠦᠴᠢᠷ ᠠᠰᠠᠭᠤᠳᠠᠯ ᠢ ᠰᠢᠢᠳᠪᠦᠷᠢᠯᠡᠬᠦ᠂ ᠡᠷᠬᠡ ᠠᠰᠢᠭ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ︾ ᠭᠤᠤᠯ ᠰᠡᠳᠦᠪ ᠤᠨ ᠲᠣᠭᠤᠷᠢᠨ ᠳᠤ᠂ ᠵᠢᠵᠢᠭ ᠪᠢᠴᠢᠯ ᠠᠵᠤ ᠠᠬᠤᠶᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠠᠨᠳᠤᠭᠤᠯᠤᠨ ᠨᠠᠷᠢᠯᠢᠭ ᠣᠨᠣᠴᠠᠲᠠᠶ ᠪᠠᠷ ︽ᠪᠠᠶᠢᠳᠠᠯ ᠢ ᠠᠰᠠᠭᠤᠬᠤ ᠦᠢᠯᠡᠴᠢᠯᠡᠭᠡ︾ ᠶᠢ ᠪᠥᠬᠦ ᠲᠠᠯ᠎ᠠ ᠪᠠᠷ ᠥᠷᠨᠢᠭᠦᠯᠵᠦ᠂ ᠠᠵᠤ ᠠᠬᠤᠶᠢᠯᠠᠯ ᠢ ᠦᠨᠡᠨ ᠪᠣᠳᠠᠲᠠᠶ ᠪᠠᠷ ᠬᠠᠪᠰᠤᠷᠤᠨ ᠬᠦᠴᠢᠷ ᠠᠰᠠᠭᠤᠳᠠᠯ ᠢ ᠢᠯᠠᠨ ᠳᠠᠪᠠᠵᠤ᠂ ᠠᠵᠤ ᠠᠬᠤᠶᠢᠯᠠᠯ ᠤᠨ ᠰᠠᠶᠢᠵᠢᠷᠠᠨ ᠬᠥᠭᠵᠢᠬᠦ ᠶᠢ ᠠᠬᠢᠭᠤᠯᠪᠠ᠃
     ᠣᠶᠢᠯᠠᠭᠠᠭᠰᠠᠨ ᠢᠶᠠᠷ᠂ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠳᠤ ᠭᠦᠨᠵᠡᠭᠡᠶᠢᠷᠡᠨ᠂ ᠠᠷᠠᠳ ᠤᠨ ᠪᠠᠶᠢᠳᠠᠯ ᠢ ᠠᠰᠠᠭᠤᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠣᠷᠣᠰᠢᠵᠤ ᠪᠠᠶᠢᠭ᠎ᠠ ᠠᠰᠠᠭᠤᠳᠠᠯ ᠬᠦᠴᠢᠷᠳᠡᠯ ᠪᠠ ᠪᠣᠳᠠᠲᠠᠶ ᠬᠡᠷᠡᠭᠴᠡᠭᠡ ᠶᠢ ᠤᠯᠠᠮ ᠨᠢᠭᠡ ᠠᠯᠬᠤᠮ ᠡᠵᠡᠮᠰᠢᠭᠰᠡᠨ ᠪᠠᠶᠢᠨ᠎ᠠ᠃ ᠬᠠᠷᠢᠶᠠᠲᠤ ᠣᠷᠣᠨ ᠤ ᠮᠠᠰᠢ ᠣᠯᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠲᠥᠬᠦᠭᠡᠷᠦᠮᠵᠢ ᠬᠠᠭᠤᠴᠢᠷᠠᠵᠤ᠂ ᠰᠦᠯᠵᠢᠶᠡᠨ ᠤ ᠪᠣᠷᠣᠯᠠᠭᠤᠯᠭ᠎ᠠ ᠶᠢᠨ ᠳᠠᠭᠠᠷᠢᠯᠲᠠ᠂ ᠠᠵᠤ ᠠᠬᠤᠶᠢᠯᠠᠯ ᠤᠨ ᠳᠡᠰ ᠳᠡᠪᠰᠢᠬᠦ ᠳᠤ ᠪᠡᠯᠡ ᠮᠥᠩᠭᠦ ᠬᠦᠴᠢᠷᠲᠡᠶ᠂ ᠬᠥᠮᠦᠨ ᠬᠡᠷᠡᠭᠯᠡᠬᠦ ᠳᠤ ᠬᠦᠴᠢᠷᠲᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠶᠢᠯᠠᠭᠠᠭᠰᠠᠨ ᠤ ᠳᠠᠷᠠᠭ᠎ᠠ᠂ ᠬᠠᠮᠤᠭ ᠤᠨ ᠲᠡᠷᠢᠭᠦᠨ ᠳᠤ ᠡᠬᠢ ᠪᠠᠶᠠᠯᠢᠭ ᠢ ᠨᠡᠶᠢᠳᠭᠡᠵᠦ᠂ ᠳᠡᠭᠡᠳᠦ ᠳᠣᠤᠷᠠᠳᠤ ᠱᠠᠲᠤ ᠶᠢ ᠢᠳᠡᠪᠬᠢᠲᠡᠶ ᠪᠠᠷ ᠵᠣᠬᠢᠴᠠᠭᠤᠯᠬᠤ ᠶᠢᠨ ᠬᠠᠮᠲᠤ᠂ ᠪᠢᠴᠢᠯ ᠵᠢᠵᠢᠭ ᠠᠵᠤ ᠠᠬᠤᠶᠢᠯᠠᠯ ᠢ ᠬᠠᠪᠰᠤᠷᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠵᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠬᠤ᠂ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠬᠦ ᠶᠢ ᠵᠢᠯᠣᠭᠤᠳᠬᠤ ᠶᠢᠨ ᠬᠠᠮᠲᠤ᠂ ᠬᠠᠤᠯᠢ ᠴᠠᠭᠠᠵᠠ ᠶᠢᠨ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠲᠡᠳᠡᠨ ᠤ ᠬᠠᠤᠯᠢ ᠶᠣᠰᠣᠭᠠᠷ ᠡᠵᠡᠩᠨᠡᠬᠦ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠶᠢ ᠬᠥᠲᠥᠯᠦᠨ ᠵᠢᠯᠣᠭᠤᠳᠪᠠ᠃      ᠪᠦᠷᠢᠳᠬᠡᠯ ᠢ ᠦᠨᠳᠦᠰᠦᠯᠡᠪᠡᠯ᠂ ᠣᠲᠣ ᠪᠣᠯᠲᠠᠯ᠎ᠠ᠂ ︽ᠪᠠᠶᠢᠳᠠᠯ ᠢ ᠠᠰᠠᠭᠤᠬᠤ ᠦᠢᠯᠡᠴᠢᠯᠡᠭᠡ︾ ᠨᠢ ᠢᠳᠡᠰᠢᠨ ᠨᠣᠭᠤᠭ᠎ᠠ ᠶᠢ ᠪᠥᠭᠡᠮ ᠢᠶᠠᠷ ᠪᠣᠷᠣᠯᠠᠭᠤᠯᠬᠤ᠂ ᠬᠡᠷ ᠤᠨ ᠬᠡᠷᠡᠭᠰᠡᠯ ᠤᠨ ᠵᠠᠬ᠎ᠠ ᠳᠡᠯᠭᠡᠭᠦᠷ᠂ ᠰᠦᠯᠵᠢᠶ᠎ᠡ ᠪᠠᠷ ᠪᠣᠷᠣᠯᠠᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠢᠴᠢ ᠡᠮᠴᠢᠯᠡᠭᠡᠨ ᠤ ᠦᠢᠯᠡᠴᠢᠯᠡᠭᠡᠨ ᠤ ᠨᠢᠭᠡᠴᠢ ᠨᠡᠶᠢᠲᠡ 40 ᠭᠠᠷᠤᠶ ᠡᠷᠦᠬᠡ ᠳᠤ ᠬᠤᠯᠪᠣᠭᠳᠠᠵᠤ᠂ ᠡᠯ᠎ᠡ ᠵᠦᠢᠯ ᠤᠨ ᠠᠰᠠᠭᠤᠳᠠᠯ ᠢ 36 ᠴᠤᠭᠯᠠᠭᠤᠯᠵᠤ᠂ ᠲᠥᠷᠥ ᠶᠢᠨ ᠪᠣᠳᠣᠯᠭ᠎ᠠ ᠶᠢ 50 ᠭᠠᠷᠤᠶ ᠤᠳᠠᠭ᠎ᠠ ᠲᠠᠶᠢᠯᠪᠤᠷᠢᠯᠠᠨ᠂ ᠳᠤᠮᠳᠠ ᠵᠢᠵᠢᠭ ᠠᠵᠤ ᠠᠬᠤᠶᠢᠯᠠᠯ ᠢ ᠬᠠᠪᠰᠤᠷᠤᠨ ᠪᠠᠯᠠ ᠳᠣᠭᠢᠷᠠᠭᠤᠯᠵᠤ ᠠᠷᠠᠳ ᠲᠤ ᠲᠥᠬᠦᠮ ᠦᠵᠡᠭᠦᠯᠬᠦ ᠵᠢᠭᠡᠯᠡᠯᠭᠡ ᠶᠢ ᠣᠶᠢᠯᠠᠭᠠᠭᠤᠯᠵᠤ᠂ ᠢᠲᠡᠭᠡᠮᠵᠢᠲᠦ ᠵᠢᠭᠡᠯᠡᠯᠭᠡ ᠶᠢᠨ ᠲᠠᠪᠴᠠᠩ ᠢᠶᠠᠷ ᠳᠠᠮᠵᠢᠭᠤᠯᠤᠨ 247 ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠪᠠᠯᠠ ᠮᠥᠩᠭᠦ ᠶᠢᠨ ᠵᠢᠭᠡᠯᠡᠯᠭᠡ ᠶᠢᠨ ᠠᠰᠠᠭᠤᠳᠠᠯ ᠢ ᠰᠢᠢᠳᠪᠦᠷᠢᠯᠡᠵᠡᠢ᠃ ᠠᠵᠤ ᠠᠬᠤᠶᠢᠯᠠᠯ ᠢ ᠬᠠᠪᠰᠤᠷᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ᠂ ᠮᠡᠳᠡᠭᠡ ᠵᠠᠩᠭᠢ ᠪᠠᠨ ᠰᠣᠯᠢᠯᠴᠠᠬᠤ᠂ ᠡᠬᠢ ᠪᠠᠶᠠᠯᠢᠭ ᠢᠶᠠᠨ ᠵᠣᠯᠭᠠᠭᠤᠯᠬᠤ ᠶᠢᠨ ᠬᠠᠮᠲᠤ ᠲᠠᠪᠴᠠᠩ ᠳᠡᠭᠡᠷ᠎ᠡ 1491 ᠵᠢᠵᠢᠭ ᠪᠢᠴᠢᠯ ᠠᠵᠤ ᠠᠬᠤᠶᠢᠯᠠᠯ ᠢ ᠳᠠᠩᠰᠠᠯᠠᠭᠤᠯᠵᠤ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠪᠡ᠃      ᠲᠣᠰ ᠤᠳᠠᠭᠠᠨ ᠤ ᠦᠢᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠬᠤᠪᠢ ᠶᠢᠨ  ᠦᠢᠯᠡᠳᠪᠦᠷᠢ ᠬᠤᠳᠠᠯᠳᠤᠭᠠᠨ ᠤ ᠡᠷᠦᠬᠡ ᠶᠢ ᠦᠨᠡᠨ ᠬᠦ ᠬᠠᠪᠰᠤᠷᠤᠨ ᠬᠥᠭᠵᠢᠯᠲᠡ ᠶᠢᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠬᠥᠭᠵᠢᠯᠲᠡ ᠶᠢᠨ ᠢᠲᠡᠭᠡᠯ ᠵᠣᠷᠢᠭ ᠢ ᠨᠢ ᠬᠥᠪᠴᠢᠯᠡᠵᠦ᠂ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号