ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠤᠰᠤ ᠭᠤᠭᠤᠵᠢᠬᠤ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/11/3
     ᠮᠠᠨ ᠤ ᠬᠤᠲᠠ ᠳᠤᠯᠠᠭᠠᠯᠠᠭ᠎ᠠ ᠶᠢᠨ ᠱᠠᠲᠤᠨ ᠳᠤ ᠪᠥᠬᠦ ᠲᠠᠯ᠎ᠠ ᠪᠠᠷ ᠣᠷᠣᠵᠤ᠂ ᠳᠤᠯᠠᠭᠠᠯᠠᠭ᠎ᠠ ᠶᠢᠨ ᠲᠥᠬᠦᠭᠡᠷᠦᠮᠵᠢ ᠳᠤ ᠳᠠᠷᠤᠯᠲᠠ ᠥᠭᠭᠦᠭᠰᠡᠨ ᠤ ᠳᠠᠷᠠᠭ᠎ᠠ᠂ ᠵᠠᠷᠢᠮ ᠰᠠᠭᠤᠭᠠᠯᠢ ᠠᠷᠠᠳ ᠤᠨ ᠬᠡᠷ ᠲᠤ ᠤᠰᠤ ᠭᠤᠭᠤᠵᠢᠬᠤ ᠪᠠᠶᠢᠳᠠᠯ ᠢᠯᠡᠷᠡᠪᠡ᠃ ᠨᠡᠶᠢᠭᠡᠮ ᠲᠣᠭᠤᠷᠢᠭ ᠤᠨ ᠬᠢᠨ  ᠬᠠᠷᠢᠶ᠎ᠠ ᠲᠣᠭᠤᠷᠢᠭ ᠲᠤ ᠮᠠᠰᠢ ᠤᠯᠠᠨ ᠶᠠᠳᠠᠭᠤ ᠬᠦᠴᠢᠷᠳᠡᠯᠲᠡᠢ ᠵᠡᠮᠳᠡᠭ ᠭᠡᠷ ᠪᠦᠯᠢ ᠪᠠᠶᠢᠬᠤ ᠶᠢ ᠪᠣᠳᠣᠯᠬᠢᠯᠠᠭᠠᠳ ᠡᠷᠦᠬᠡ ᠳᠤ ᠬᠦᠷᠴᠦ ᠰᠤᠷᠪᠤᠯᠵᠢᠯᠠᠵᠤ᠂ ᠡᠳᠡᠭᠡᠷ ᠭᠡᠷ ᠪᠦᠯᠢ ᠶᠢᠨ ᠳᠤᠯᠠᠭᠠᠯᠠᠭ᠎ᠠ ᠶᠢᠨ ᠬᠤᠭᠤᠯᠠᠢ ᠬᠠᠭᠤᠴᠢᠷᠠᠵᠤ ᠤᠰᠤ ᠭᠤᠭᠤᠵᠢᠵᠤ ᠪᠠᠶᠢᠬᠤ ᠡᠰᠡᠬᠦ ᠶᠢ ᠪᠠᠶᠢᠴᠠᠭᠠᠨ ᠲᠤᠳᠤᠯᠠᠵᠠᠢ᠃ ᠳᠠᠷᠠᠭᠠᠯᠠᠨ ᠪᠠᠶᠢᠴᠠᠭᠠᠭᠰᠠᠨ ᠢᠶᠠᠷ᠂ ᠬᠢᠮᠢ ᠶᠢᠨ ᠰᠢᠷᠬᠡᠭ ᠤᠨ ᠦᠢᠯᠡᠳᠪᠦᠷᠢ ᠶᠢᠨ ᠪᠠᠶᠢᠷᠢ ᠶᠢᠨ 5 ᠳ᠋ᠤᠭᠠᠷ ᠠᠰᠠᠷ ᠤᠨ 1 ᠳ᠋ᠤᠭᠡᠷ ᠤᠷᠤᠴᠠᠲᠤ ᠠᠰᠠᠷ ᠤᠨ 4 ᠳ᠋ᠤᠭᠡᠷ ᠳᠠᠪᠬᠤᠷᠯᠢᠭ ᠤᠨ ᠯᠢᠦᠶ ᠠᠪᠤᠭᠠᠶ ᠶᠢᠨ ᠬᠡᠷ ᠤᠨ ᠳᠤᠯᠠᠭᠠᠯᠠᠭ᠎ᠠ ᠶᠢᠨ ᠬᠤᠭᠤᠯᠠᠶ ᠶᠢᠨ ᠤᠰᠤ ᠬᠦᠨᠳᠦ ᠨᠣᠴᠢᠲᠠᠶ ᠭᠤᠭᠤᠵᠢᠵᠤ᠂ ᠭᠤᠭᠤᠵᠢᠭᠰᠠᠨ ᠤᠰᠤ ᠨᠢ ᠠᠷᠢᠭᠤᠨ ᠴᠡᠪᠡᠷ ᠤᠨ ᠥᠷᠥᠭᠡ ᠠᠴᠠ ᠵᠣᠴᠢᠨ ᠤ ᠥᠷᠥᠭᠡᠨ ᠳᠤ ᠪᠢᠯᠬᠠᠵᠤ᠂ ᠬᠡᠷᠪᠡ ᠴᠠᠭ ᠲᠤᠬᠠᠶ ᠳᠤᠨᠢ ᠣᠯᠵᠤ ᠮᠡᠳᠡᠭᠰᠡᠨ ᠥᠬᠡᠶ ᠪᠣᠯ ᠠᠰᠠᠷ ᠤᠨ ᠳᠣᠤᠷ᠎ᠠ ᠨᠡᠪᠴᠢᠵᠦ᠂ ᠬᠥᠷᠰᠢ ᠵᠡᠷᠭᠡᠯᠡᠳᠡᠭᠡ ᠶᠢᠨ ᠵᠥᠷᠢᠴᠡᠯ ᠢ ᠡᠭᠦᠰᠭᠡᠨ᠎ᠡ᠃
     ᠳᠠᠷᠠᠭ᠎ᠠ ᠪᠠᠷ ᠨᠢ ᠨᠡᠶᠢᠭᠡᠮ ᠲᠣᠭᠤᠷᠢᠭ ᠤᠨ ᠱᠦᠵᠢ ᠲᠡᠷᠡ ᠳᠠᠷᠤᠢ ᠳᠤᠨᠢ ᠺᠣᠮᠫᠠᠨᠢ ᠶᠢᠨ ᠬᠠᠷᠢᠭᠤᠴᠠᠯᠭᠠᠲᠠᠨ ᠲᠠᠢ ᠬᠠᠷᠢᠯᠴᠠᠵᠤ ᠶᠠᠷᠢᠯᠴᠠᠨ ᠰᠢᠢᠳᠪᠦᠷᠢᠯᠡᠪᠡ᠃ ᠬᠢᠮᠢ ᠶᠢᠨ ᠰᠢᠷᠬᠡᠭ ᠤᠨ ᠦᠢᠯᠡᠳᠪᠦᠷᠢ ᠶᠢᠨ ᠪᠠᠶᠢᠷᠢ ᠨᠢ ᠬᠠᠭᠤᠴᠢᠨ ᠬᠤᠷᠢᠶᠠᠯᠠᠯ ᠪᠣᠯᠬᠤᠷ ᠭᠡᠷ ᠪᠠᠶᠢᠰᠢᠩ ᠤᠨ ᠲᠥᠬᠦᠭᠡᠷᠦᠮᠵᠢ ᠨᠢ ᠬᠦᠨᠳᠦ ᠨᠣᠴᠢᠲᠠᠶ ᠬᠠᠭᠤᠴᠢᠷᠠᠵᠤ᠂ ᠲᠤᠰ ᠣᠷᠣᠶ ᠳᠤᠨᠢ ᠰᠢᠭᠤᠳ ᠰᠢᠢᠳᠪᠦᠷᠢᠯᠡᠬᠦ ᠶᠢᠨ ᠠᠷᠭ᠎ᠠ ᠦᠭᠡᠶ ᠪᠣᠯᠵᠠᠶ᠃ ᠬᠤᠶᠠᠳᠤᠭᠠᠷ ᠡᠳᠦᠷ ᠨᠢ ᠠᠵᠢᠯᠴᠢᠳ ᠲᠡᠷᠡ ᠳᠠᠷᠤᠶ ᠳᠤᠨᠢ ᠠᠵᠢᠯ ᠢᠶᠠᠨ ᠡᠬᠢᠯᠡᠭᠦᠯᠵᠦ᠂ ᠯᠢᠦᠶ ᠠᠪᠤᠭᠠᠶ ᠶᠢᠨ ᠭᠡᠷ ᠲᠤ ᠳᠤᠯᠠᠭᠠᠯᠠᠭ᠎ᠠ ᠶᠢᠨ ᠬᠤᠭᠤᠯᠠᠶ ᠪᠠ ᠬᠡᠢ ᠭᠠᠳᠠᠭᠰᠢᠯᠠᠭᠤᠯᠬᠤ ᠨᠡᠭᠡᠯᠡᠬᠡᠶ ᠶᠢ ᠰᠣᠯᠢᠵᠤ ᠦᠭᠴᠦ᠂ ᠯᠢᠦᠶ ᠠᠪᠤᠭᠠᠶ ᠶᠢᠨ ᠠᠰᠠᠭᠤᠳᠠᠯ 24 ᠴᠠᠭ ᠤᠨ ᠳᠣᠲᠣᠷ᠎ᠠ ᠰᠢᠢᠳᠪᠦᠷᠢᠯᠡᠭᠳᠡᠵᠡᠢ᠃
     ᠤᠯᠠᠨ ᠲᠦᠮᠡᠨ ᠬᠦᠰᠡᠯ ᠱᠠᠭᠠᠷᠳᠠᠯᠭ᠎ᠠ ᠲᠠᠢ ᠪᠣᠯᠪᠠᠯ᠂ ᠨᠡᠶᠢᠭᠡᠮ ᠲᠣᠭᠤᠷᠢᠭ ᠤᠨ ᠬᠢᠨ ᠡᠷᠬᠡᠪᠰᠢ ᠬᠠᠷᠢᠭᠤ ᠳᠤᠰᠬᠠᠯ ᠭᠠᠷᠭᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠠᠵᠢᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠰᠠᠭᠤᠭᠠᠯᠢ ᠠᠷᠠᠳ ᠤᠨ ᠲᠥᠯᠥᠭᠡ ᠠᠮᠢ ᠪᠡᠶ᠎ᠡ ᠪᠠᠨ ᠴᠦᠯᠡᠨ ᠪᠣᠳᠣᠯᠬᠢᠯᠠᠵᠤ᠂ ᠰᠠᠭᠤᠭᠠᠯᠢ ᠠᠷᠠᠳ ᠤᠨ ᠪᠠᠴᠢᠮᠳᠠᠵᠤ ᠪᠠᠶᠢᠭ᠎ᠠ ᠶᠠᠪᠤᠳᠠᠯ ᠳᠤ ᠪᠠᠴᠢᠮᠳᠠᠵᠤ᠂ ᠰᠠᠭᠤᠭᠠᠯᠢ ᠠᠷᠠᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠬᠦ ᠪᠣᠯ ᠨᠡᠶᠢᠭᠡᠮ ᠲᠣᠭᠤᠷᠢᠭ ᠤᠨ ᠠᠵᠢᠯ ᠤᠨ ᠦᠨᠳᠦᠰᠦ ᠮᠥᠨ︔ ᠬᠤᠸᠠ ᠢᠦᠢ ᠨᠡᠶᠢᠭᠡᠮ ᠲᠣᠭᠤᠷᠢᠭ ᠤᠨ ᠬᠢᠨ ᠡᠶᠡᠳᠡᠭᠦᠯᠭᠡ ᠶᠢᠨ ᠢᠳᠡᠪᠬᠢ ᠦᠢᠯᠡᠳᠦᠯ ᠢ ᠦᠷᠭᠦᠯᠵᠢᠯᠡᠨ ᠭᠦᠢᠴᠡᠳ ᠪᠠᠳᠠᠷᠠᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠨᠡᠩ ᠤᠯᠠᠨ ᠪᠣᠳᠠᠲᠠᠢ ᠬᠦᠴᠢᠷᠳᠡᠯ ᠢ ᠰᠢᠢᠳᠪᠦᠷᠢᠯᠡᠵᠦ ᠥᠭᠭᠦᠨ᠎ᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号