ᠢᠦᠶ ᠴᠢᠤᠸᠠᠨ ᠲᠣᠭᠤᠷᠢᠭ 2023 ᠣᠨ ᠤ ᠪᠥᠬᠦ ᠲᠤᠭᠤᠷᠢᠭ ᠤᠨ ᠡᠳ᠋ ᠤᠨ ᠶᠠᠪᠤᠳᠠᠯ ᠨᠢᠭᠲᠠᠯᠠᠨ ᠪᠤᠳᠤᠬᠤ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/12/11
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠤᠳᠤᠬᠤ ᠬᠠᠤᠯᠢ︾ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠲᠠᠯᠠᠨ ᠪᠤᠳᠤᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠢᠭᠲᠠᠯᠠᠨ ᠪᠤᠳᠤᠬᠤ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠡᠳ᠋ ᠤᠨ ᠶᠠᠪᠤᠳᠠᠯ ᠨᠢᠭᠲᠠᠯᠠᠨ ᠪᠤᠳᠤᠬᠤ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠡᠳ᠋ ᠤᠨ ᠶᠠᠪᠤᠳᠠᠯ ᠨᠢᠭᠲᠠᠯᠠᠨ ᠪᠤᠳᠤᠬᠤ ᠠᠵᠢᠯ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠨ ᠦᠢᠯᠡᠴᠢᠯᠡᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠬᠤᠶᠠᠷ ᠡᠳᠦᠷ ᠬᠠᠭᠠᠰ ᠤᠨ ᠬᠤᠭᠤᠴᠠᠭ᠎ᠠ ᠲᠠᠢ ᠡᠳ᠋ ᠤᠨ ᠶᠠᠪᠤᠳᠠᠯ ᠨᠢᠭᠲᠠᠯᠠᠨ ᠪᠤᠳᠤᠬᠤ ᠠᠵᠢᠯᠲᠠᠨ ᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ᠃       ᠪᠤᠯᠪᠠᠰᠤᠷᠠᠯ ᠨᠢ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ᠂ ᠠᠰᠫᠢᠷᠠᠨᠲ ᠤᠨ ᠵᠢᠯᠣᠭᠤᠳᠣᠭᠴᠢ ᠪᠠᠭᠰᠢ᠂ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠳ᠋ᠣᠺᠲ᠋ᠣᠷ ᠯᠢ ᠰᠢᠤ ᠮᠧᠶ︔ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠫᠷᠤᠹᠧᠰᠰᠤᠷ᠂ ᠠᠵᠤ ᠠᠬᠤᠶ ᠶᠢᠨ ᠳᠡᠭᠡᠳᠦ ᠰᠤᠷᠭᠠᠭᠤᠯᠢ ᠶᠢᠨ ᠵᠠᠬᠢᠷᠤᠯ ᠰᠢᠤᠢ ᠪᠥᠸᠧ︔ ᠣᠯᠠᠨ ᠤᠯᠤᠰ ᠤᠨ ᠳᠠᠩᠰᠠᠯᠠᠭᠤᠯᠤᠭᠰᠠᠨ ᠳᠡᠭᠡᠳᠦ ᠵᠡᠷᠭᠡ ᠶᠢᠨ ᠳᠣᠲᠣᠭᠠᠳᠤ ᠡᠵᠡᠮᠳᠡᠯ ᠤᠨ ᠬᠠᠮᠢᠶᠠᠷᠤᠭᠴᠢ᠂ ᠳᠡᠭᠡᠳᠦ ᠵᠡᠷᠭᠡ ᠶᠢᠨ ᠠᠮᠵᠢᠯᠲᠠ ᠪᠦᠲᠦᠮᠵᠢ ᠶᠢᠨ ᠦᠨᠡᠯᠡᠭᠴᠢ ᠯᠸᠢ ᠱᠧᠩ︔ ᠳᠡᠭᠡᠳᠦ ᠵᠡᠷᠭᠡ ᠶᠢᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠪᠠᠭᠰᠢ᠂ ᠪᠡᠭᠡᠵᠢᠩ ᠤᠨ ᠳ᠋ᠡ ᠴᠧᠩ ︵ᠥᠪᠥᠷ ᠮᠣᠩᠭᠤᠯ︶ ᠤᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠤ ᠠᠵᠢᠯᠯᠠᠵᠤ ᠪᠠᠶᠢᠭ᠎ᠠ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠤᠷᠰᠢᠬᠴᠢ ᠸᠠᠩ ᠬᠠᠢ ᠪᠥᠸᠧ ᠨᠡᠷ ᠢ ᠤᠷᠢᠵᠤ ᠲᠤᠬᠠᠢ ᠶᠢᠨ ᠲᠠᠯᠠᠪᠠᠢ ᠳᠤ ᠵᠠᠰᠠᠭ ᠤᠨ ᠣᠷᠳᠣᠨ ᠤ ᠨᠢᠭᠲᠠᠯᠠᠨ ᠪᠤᠳᠤᠬᠤ ᠲᠦᠷᠢᠮ ᠤᠨ ᠲᠠᠶᠢᠯᠤᠮᠵᠢ ᠵᠢᠴᠢ ᠲᠡᠭᠦᠨ ᠤ ᠬᠡᠷᠡᠭᠯᠡᠯᠲᠡ᠂ ᠨᠢᠭᠲᠠᠯᠠᠨ ᠪᠤᠳᠤᠬᠤ ᠠᠵᠢᠯᠳᠠᠨ ᠤ ᠠᠵᠢᠯ ᠮᠡᠷᠭᠡᠵᠢᠯ ᠤᠨ ᠶᠣᠰᠣ ᠮᠣᠷᠠᠯ ᠪᠣᠯᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠬᠠᠮᠢᠶᠠᠷᠤᠯᠲᠠ᠂ ᠳᠣᠲᠣᠭᠠᠳᠤ ᠶᠢᠨ ᠡᠵᠡᠮᠳᠡᠯ ᠤᠨ ᠲᠦᠷᠢᠮ ᠤᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠭᠤᠯᠭ᠎ᠠ ᠶᠢ ᠲᠠᠶᠢᠯᠪᠤᠷᠢᠯᠠᠨ ᠵᠢᠭᠠᠵᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠤᠭᠤᠷᠢᠨ ᠳᠤ ᠦᠭᠦᠯᠡᠯᠲᠡ ᠪᠠᠨ ᠳᠡᠯᠭᠡᠪᠡ᠃      ᠲᠣᠰ ᠤᠳᠠᠭᠠᠨ ᠤ ᠪᠣᠯᠪᠠᠰᠤᠷᠠᠭᠤᠯᠤᠯ ᠳᠤ᠂ ᠢᠦᠶ ᠴᠢᠤᠸᠠᠨ ᠲᠣᠭᠤᠷᠢᠭ ᠤᠨ ᠡᠳ᠋ ᠤᠨ ᠶᠠᠪᠤᠳᠠᠯ ᠤᠨ ᠠᠵᠢᠯᠲᠠᠨ ᠤ ᠨᠠᠩ ᠣᠯᠠᠨ ᠡᠳ᠋ ᠤᠨ ᠶᠠᠪᠤᠳᠠᠯ ᠤᠨ ᠰᠢᠨ᠎ᠡ ᠮᠡᠳᠡᠯᠭᠡ᠂ ᠰᠢᠨ᠎ᠡ ᠲᠣᠭᠲᠠᠭᠠᠯ᠂ ᠰᠢᠨ᠎ᠡ ᠥᠭᠡᠷᠡᠴᠢᠯᠡᠯᠲᠡ ᠶᠢᠨ ᠬᠤᠷᠳᠤᠴᠠ ᠶᠢ ᠡᠵᠡᠮᠰᠢᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠲᠤᠭᠤᠷᠢᠭ ᠤᠨ ᠡᠳ᠋ ᠤᠨ ᠶᠠᠪᠤᠳᠠᠯ ᠤᠨ ᠠᠵᠢᠯᠲᠠᠨ ᠤ ᠶᠡᠷᠦᠩᠬᠡᠶ ᠬᠡᠪ ᠴᠢᠨᠠᠷ ᠢ ᠳᠡᠭᠡᠭᠰᠢᠯᠡᠭᠦᠯᠦᠨ᠂ ᠢᠦᠶ ᠴᠢᠤᠸᠠᠨ ᠲᠣᠭᠤᠷᠢᠭ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠵᠢᠩᠬᠢᠨᠢᠴᠢᠯᠡᠬᠦ ᠪᠠᠶᠢᠭᠤᠯᠤᠯᠲᠠ ᠶᠢᠨ ᠪᠠᠲᠤᠯᠠᠭ᠎ᠠ ᠶᠢ ᠳᠡᠭᠡᠭᠰᠢᠯᠡᠭᠦᠯᠪᠡ᠃      ᠪᠥᠬᠦ ᠲᠤᠭᠤᠷᠢᠭ ᠤᠨ ᠡᠯ᠎ᠡ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠤᠯ ᠤᠳᠤᠷᠢᠳᠤᠯᠭ᠎ᠠ ᠪᠣᠯᠤᠨ ᠡᠳ᠋ ᠤᠨ ᠶᠠᠪᠤᠳᠠᠯ ᠤᠨ ᠠᠵᠢᠯᠲᠠᠨ ᠪᠣᠯᠪᠠᠰᠤᠷᠠᠭᠤᠯᠤᠯ ᠳᠤ ᠤᠷᠤᠯᠴᠠᠪᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号