ᠢᠦᠶ ᠴᠢᠤᠸᠠᠨ ᠲᠣᠭᠤᠷᠢᠭ ᠤᠨ ᠦᠨᠳᠦᠰᠦᠲᠡᠨ ᠤ ᠠᠵᠢᠯ ᠤᠨ ᠪᠣᠯᠪᠠᠰᠤᠷᠠᠭᠤᠯᠤᠯ ᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠲᠡᠭᠦᠰ ᠠᠮᠵᠢᠯᠲᠠ ᠲᠠᠢ ᠪᠡᠶᠡᠯᠡᠭᠳᠡᠪᠡ
ᠨᠡᠶᠢᠲᠡᠯᠡᠭᠰᠡᠨ ᠴᠠᠭ᠄
2023/12/11
      ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠬᠠᠮᠲᠤᠷᠠᠯᠴᠠᠨ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠬᠥᠬᠡᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠰᠤᠳᠤᠯᠭᠠᠨ ᠤ ᠰᠠᠭᠤᠷᠢᠨ ᠭᠠᠵᠠᠷ ᠤᠨ ᠢᠦᠶ ᠴᠢᠤᠸᠠᠨ ᠲᠣᠭᠤᠷᠢᠭ ᠤᠨ ᠠᠵᠢᠯ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠺᠠᠳ᠋ᠷᠴᠤᠳ ᠤᠨ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢᠨ ᠮᠡᠳᠡᠯᠭᠡ ᠶᠢ ᠣᠶᠢᠯᠠᠭᠠᠬᠤ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠢ ᠡᠵᠡᠮᠳᠡᠬᠦ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠬᠦ ᠶᠢᠨ ᠲᠦᠯᠦᠭᠡ᠂ ᠢᠦᠢ ᠴᠢᠤᠸᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ 10 ᠰᠠᠷ᠎ᠠ ᠶᠢᠨ ᠳᠤᠮᠳᠠᠴᠢ ᠠᠴᠠ ᠡᠬᠢᠯᠡᠨ ᠦᠨᠳᠦᠰᠦᠲᠡᠨ ᠤ ᠠᠵᠢᠯ ᠤᠨ ᠪᠣᠯᠪᠠᠰᠤᠷᠠᠯ ᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠶᠢ ᠡᠬᠢᠯᠡᠭᠦᠯᠵᠡᠢ᠃
     ᠣᠶᠢᠯᠠᠭᠠᠭᠰᠠᠨ ᠢᠶᠠᠷ᠂ ᠰᠠᠷ᠎ᠠ ᠭᠠᠷᠤᠶ ᠶᠢᠨ ᠬᠤᠭᠤᠴᠠᠭ᠎ᠠ ᠲᠠᠢ ᠡᠭᠡᠯᠵᠢᠯᠡᠨ ᠪᠣᠯᠪᠠᠰᠤᠷᠠᠭᠤᠯᠬᠤ ᠪᠠᠷ ᠳᠡᠮᠵᠢᠨ᠂ ᠦᠨᠳᠦᠰᠦᠲᠡᠨ ᠤ ᠠᠵᠢᠯ ᠤᠨ ᠪᠣᠯᠪᠠᠰᠤᠷᠠᠭᠤᠯᠤᠯ ᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠨᠢᠭᠡᠨᠲᠡ ᠲᠡᠭᠦᠰ ᠠᠮᠵᠢᠯᠲᠠ ᠲᠠᠢ ᠳᠠᠭᠤᠰᠴᠤ᠂ ᠨᠡᠶᠢᠭᠡᠮ ᠲᠣᠭᠤᠷᠢᠭ ᠲᠤ ᠡᠭᠡᠯᠵᠢᠯᠡᠨ ᠪᠣᠯᠪᠠᠰᠤᠷᠠᠭᠤᠯᠬᠤ ᠠᠵᠢᠯ ᠢ ᠨᠡᠶᠢᠳᠡᠮ ᠬᠠᠮᠤᠷᠬᠤ ᠶᠢ ᠪᠡᠶᠡᠯᠡᠭᠦᠯᠪᠡ᠃
     ᠲᠤᠰ ᠤᠳᠠᠭᠠᠨ ᠤ ᠪᠣᠯᠪᠠᠰᠤᠷᠠᠭᠤᠯᠤᠯ ᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠳᠤ ᠪᠠᠭ᠎ᠠ ᠠᠩᠭᠢ ᠶᠢᠨ ᠳᠦᠷᠢᠮ ᠢᠶᠠᠷ ᠬᠢᠴᠢᠶᠡᠯᠯᠡᠬᠦ ᠠᠷᠭ᠎ᠠ ᠶᠢ ᠠᠪᠴᠤ᠂ ᠤᠷᠢᠳ ᠬᠤᠵᠢᠳ ᠳᠥᠷᠪᠡᠨ ᠬᠤᠭᠤᠴᠠᠭ᠎ᠠ ᠬᠤᠪᠢᠶᠠᠨ ᠪᠦᠬᠦ ᠲᠤᠭᠤᠷᠢᠭ ᠤᠨ ᠡᠯ᠎ᠡ ᠪᠠᠯᠭᠠᠰᠤᠨ ᠤ ᠠᠯᠪᠠᠨ ᠭᠡᠷ᠂ ᠡᠯ᠎ᠡ ᠨᠡᠶᠢᠭᠡᠮ ᠲᠣᠭᠤᠷᠢᠭ ᠤᠨ 87 ᠦᠨᠳᠦᠰᠦᠲᠡᠨ ᠤ ᠠᠵᠢᠯ ᠤᠨ ᠺᠠᠳ᠋ᠷ ᠲᠤ ᠪᠦᠬᠦᠨ ᠢ ᠬᠠᠮᠤᠷᠤᠭᠰᠠᠨ ᠪᠣᠳᠠᠲᠠᠶ ᠪᠣᠯᠪᠠᠰᠤᠷᠠᠯ ᠤᠨ ᠴᠢᠨᠠᠷᠲᠠᠶ ᠵᠢᠯᠣᠭᠤᠳᠣᠯᠭ᠎ᠠ ᠬᠢᠵᠦ᠂ ᠪᠣᠯᠪᠠᠰᠤᠷᠠᠭᠤᠯᠤᠯ ᠤᠨ ᠠᠭᠤᠯᠭ᠎ᠠ ᠶᠢᠨ ᠲᠠᠯ᠎ᠠ ᠪᠠᠷ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠭᠤ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠤᠨ ᠲᠣᠭᠤᠷᠢᠨ ᠳᠤ᠂ ᠬᠠᠨᠳᠤᠯᠭ᠎ᠠ ᠲᠠᠢ ᠪᠠᠷ ᠵᠢᠯᠣᠭᠤᠳᠴᠤ᠂ ᠠᠭᠤᠯᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠴᠢᠬᠤᠯᠠ ᠶᠡᠭᠡ ᠨᠤᠲᠠᠯᠠᠯᠲᠠ ᠶᠢᠨ ᠪᠦᠷᠢᠯᠳᠦᠯ ᠪᠠ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠦᠢᠯᠡᠳᠦᠯᠭᠡ ᠶᠢᠨ ᠠᠷᠭ᠎ᠠ ᠵᠠᠮ᠂ ᠨᠡᠶᠢᠭᠡᠮ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠤᠬᠠᠭᠤᠯᠭ᠎ᠠ ᠬᠥᠮᠦᠵᠢᠯ ᠢ ᠬᠡᠷᠬᠢᠨ ᠥᠷᠨᠢᠭᠦᠯᠬᠦ ᠵᠡᠷᠭᠡ ᠲᠠᠯ᠎ᠠ ᠶᠢ ᠬᠠᠮᠤᠷᠴᠤ᠂ ᠪᠣᠳᠠᠲᠤ ᠵᠢᠱᠢᠶ᠎ᠡ ᠶᠢᠨ ᠴᠢᠨᠠᠷᠲᠠᠶ ᠵᠠᠳᠠᠯᠤᠯᠲᠠ᠂ ᠲᠠᠶᠢᠯᠪᠤᠷᠢᠯᠠᠯᠲᠠ ᠪᠠ ᠲᠠᠶᠢᠯᠤᠮᠵᠢ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠺᠠᠳ᠋ᠷᠴᠤᠳ ᠤᠨ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃
     ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠰᠢᠯᠭᠠᠬᠤ ᠶᠢᠨ ᠲᠥᠯᠥᠭᠡ᠂ ᠬᠤᠭᠤᠴᠠᠭ᠎ᠠ ᠪᠦᠷᠢ ᠶᠢᠨ ᠬᠢᠴᠢᠶᠡᠯ ᠲᠡᠭᠦᠰᠦᠭᠰᠡᠨ ᠤ ᠳᠠᠷᠠᠭ᠎ᠠ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠣᠨᠣᠯ ᠤᠨ ᠮᠡᠳᠡᠯᠭᠡ ᠶᠢᠨ ᠪᠢᠲᠡᠭᠦᠦ ᠰᠢᠯᠭᠠᠯᠲᠠ ᠶᠢ ᠬᠢᠪᠡ᠃      ᠪᠣᠯᠪᠠᠰᠤᠷᠠᠭᠤᠯᠤᠯ ᠳᠤ ᠣᠷᠣᠯᠴᠠᠬᠤ ᠪᠠᠷ ᠳᠡᠮᠵᠢᠨ᠂ ᠬᠤᠶᠢᠰᠢᠳᠠ ᠶᠢᠨ ᠠᠵᠢᠯ ᠤᠨ ᠳᠤᠮᠳᠠ ᠪᠠᠨ ᠠᠵᠢᠯ ᠤᠨ ᠬᠠᠷᠠᠯᠲᠠ ᠪᠠᠨ ᠲᠣᠳᠣᠷᠬᠠᠶ ᠪᠣᠯᠭᠠᠵᠤ᠂ ᠠᠵᠢᠯ ᠤᠨ ᠴᠢᠭᠯᠡᠯ ᠢᠶᠠᠨ ᠲᠣᠳᠣᠷᠬᠠᠶ ᠪᠣᠯᠭᠠᠵᠤ᠂ ᠠᠵᠢᠯ ᠤᠨ ᠰᠡᠳᠬᠢᠴᠡ ᠪᠠᠨ ᠥᠷᠭᠡᠳᠬᠡᠪᠡ ᠭᠡᠵᠦ ᠣᠯᠠᠨ ᠢᠶᠠᠷ ᠢᠶᠠᠨ ᠰᠠᠨᠠᠯ ᠨᠢᠭᠡᠲᠡᠶ ᠢᠯᠡᠷᠬᠡᠶᠢᠯᠡᠪᠡ᠃ ᠳᠠᠷᠠᠭᠠᠴᠢ ᠶᠢᠨ ᠠᠯᠬᠤᠮ ᠳᠤ ᠨᠡᠶᠢᠭᠡᠮ ᠲᠣᠭᠤᠷᠢᠭ ᠤᠨ ᠪᠠᠶᠢᠭᠤᠯᠤᠯᠲᠠ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠬᠤᠯᠪᠣᠯᠳᠤᠯ ᠤᠨ ᠴᠡᠭ᠂ ᠠᠭᠤᠯᠵᠠᠷ ᠤᠨ ᠴᠡᠭ ᠢ ᠤᠯᠠᠮ ᠨᠢᠭᠡ ᠠᠯᠬᠤᠮ ᠣᠨᠣᠪᠴᠢᠲᠠᠢ ᠡᠷᠢᠨ ᠣᠯᠵᠤ᠂ ᠨᠡᠶᠢᠭᠡᠮ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠤᠬᠠᠭᠤᠯᠭ᠎ᠠ ᠬᠥᠮᠦᠵᠢᠯ ᠤᠨ ᠠᠵᠢᠯ ᠤᠨ ᠴᠢᠬᠤᠯᠠ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠬᠦ ᠬᠡᠷᠡᠭᠲᠡᠢ᠃      ᠡᠨᠡ ᠵᠢᠯ ᠠᠴᠠ ᠨᠠᠭᠠᠰᠢ᠂ ᠢᠦᠶ ᠴᠢᠤᠸᠠᠨ ᠲᠣᠭᠤᠷᠢᠭ ᠤᠨ ᠬᠢᠨ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠺᠠᠳ᠋ᠷᠴᠤᠳ ᠢ ᠪᠣᠯᠪᠠᠰᠤᠷᠠᠭᠤᠯᠤᠨ ᠵᠢᠯᠣᠭᠤᠳᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ︽ᠣᠨᠣᠯ ᠤᠨ ᠰᠤᠳᠤᠯᠭᠠᠨ + ᠦᠢᠯᠡᠳᠦᠯᠭᠡ ᠶᠢᠨ ᠵᠢᠯᠣᠭᠤᠳᠣᠯᠭ᠎ᠠ︾ ᠵᠢᠴᠢ ᠬᠡᠷ ᠲᠤᠨᠢ ᠬᠦᠷᠴᠦ ᠨᠢᠭᠡ ᠨᠢᠭᠡ ᠪᠠᠷ ᠵᠢᠯᠣᠭᠤᠳᠬᠤ᠂ ᠰᠦᠯᠵᠢᠶᠡᠨ ᠳᠡᠭᠡᠷ᠎ᠡ ᠴᠠᠭ ᠲᠤᠬᠠᠶ ᠳᠤᠨᠢ ᠬᠥᠳᠡᠯᠦᠩᠭᠦᠶ ᠪᠠᠷ ᠵᠢᠯᠣᠭᠤᠳᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠺᠠᠳ᠋ᠷᠴᠤᠳ ᠤᠨ ᠣᠨᠣᠯ ᠤᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠬᠢᠨ ᠪᠣᠯᠪᠠᠰᠤᠷᠠᠯ ᠤᠨ ᠬᠦᠷᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ᠂ ᠪᠦᠬᠦ ᠲᠤᠭᠤᠷᠢᠭ ᠤᠨ ᠡᠯ᠎ᠡ ᠬᠦᠷᠢᠶᠡᠨ ᠳᠤ ᠪᠣᠳᠠᠲᠠᠢ ᠪᠣᠯᠪᠠᠰᠤᠷᠠᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠨᠢᠭᠡ ᠪᠦᠯᠦᠭ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠠᠵᠢᠯ ᠤᠨ ᠭᠤᠣᠯᠯᠠᠭᠴᠢ ᠬᠦᠴᠦᠨ ᠢ ᠬᠦᠴᠦᠯᠡᠨ ᠬᠥᠮᠦᠵᠢᠭᠦᠯᠵᠦ᠂ ᠦᠨᠳᠦᠰᠦᠨ ᠱᠠᠲᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠬᠦ ︽ᠬᠠᠮᠤᠭ ᠡᠴᠦᠰ ᠤᠨ ᠨᠢᠭᠡ ᠺᠢᠯᠣᠮᠧᠲᠷ︾ ᠢ ᠪᠦᠲᠦᠮᠵᠢᠲᠡᠢ ᠨᠡᠪᠲᠡᠷᠡᠭᠦᠯᠦᠨ᠎ᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号