ᠪᠠᠭ᠎ᠠ ᠲᠦᠷᠭᠡᠨ ᠭᠤᠤᠯ ᠪᠠᠯᠭᠠᠰᠤ ︽ᠬᠡᠷ ᠣᠷᠣᠨ ᠢᠶᠠᠨ ᠠᠷᠢᠭᠤᠳᠬᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/13
     ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠴᠢᠨᠠᠭᠰᠢᠳᠠ ᠪᠠᠳᠠᠷᠠᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠢᠦᠢ ᠴᠢᠤᠸᠠᠨ ᠲᠣᠭᠤᠷᠢᠭ ᠤᠨ ᠪᠠᠭ᠎ᠠ ᠲᠦᠷᠭᠡᠨ ᠭᠤᠤᠯ ᠪᠠᠯᠭᠠᠰᠤ ᠶᠢᠨ ᠬᠢᠨ ᠬᠠᠷᠢᠶ᠎ᠠ ᠲᠣᠭᠤᠷᠢᠭ ᠤᠨ ᠡᠯ᠎ᠡ ᠲᠣᠰᠬᠤᠨ ᠤ ᠣᠷᠣᠨ ᠰᠠᠭᠤᠴᠠ ᠳᠤ ᠭᠡᠷ ᠣᠷᠣᠨ ᠢᠶᠠᠨ ᠠᠷᠢᠭᠤᠳᠬᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃
     ᠠᠵᠢᠯᠯᠠᠭ᠎ᠠ ᠶᠢᠨ ᠳᠤᠮᠳᠠ᠂ ᠲᠣᠰᠬᠤᠨ ᠤ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢ ᠤᠤᠵᠢ ᠡᠮᠦᠰᠴᠦ᠂ ᠱᠦᠭᠦᠷ᠂ ᠬᠠᠪᠴᠢᠭᠤᠷ ᠪᠠᠷᠢᠵᠤ ᠲᠣᠰᠬᠤᠨ ᠤ ᠠᠵᠢᠯᠲᠠᠳ ᠲᠠᠢ ᠬᠠᠮᠲᠤ ᠪᠠᠷ ᠲᠣᠰᠬᠤᠨ ᠤ ᠠᠷᠠᠳ ᠤᠨ ᠵᠥᠪᠯᠡᠯ ᠤᠨ ᠡᠷᠬᠢᠨ ᠲᠣᠭᠤᠷᠢᠨ᠂ ᠲᠣᠰᠬᠤᠨ ᠤ ᠭᠤᠣᠯ ᠵᠠᠮ ᠵᠢᠴᠢ ᠠᠷᠢᠭᠤᠨ ᠴᠡᠪᠡᠷ ᠤᠨ ᠪᠠᠯᠠᠢ ᠭᠠᠵᠠᠷ᠂ ᠦᠯᠦ ᠣᠨᠣᠭᠳᠠᠬᠤ ᠭᠠᠵᠠᠷ ᠢ ᠨᠢᠭᠡᠳᠦᠯᠲᠡᠢ ᠴᠡᠪᠡᠷᠯᠡᠪᠡ᠃ ᠤᠯᠠᠨ ᠢᠶᠠᠷ ᠢᠶᠠᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠰᠡᠳᠬᠢᠯ ᠰᠠᠨᠠᠭ᠎ᠠ ᠪᠠᠨ ᠣᠯᠣᠯᠴᠠᠵᠠᠢ᠃ ᠡᠭᠦᠨ ᠤ ᠵᠡᠷᠭᠡ ᠳᠤ ᠠᠵᠢᠯᠲᠠᠳ ᠵᠡᠭᠡᠯᠢ ᠭᠤᠳᠤᠮᠵᠢ ᠪᠠᠷ ᠶᠠᠪᠤᠵᠤ᠂ ᠰᠠᠭᠤᠭᠠᠯᠢ ᠠᠷᠠᠳ ᠲᠤ ᠣᠷᠴᠢᠨ ᠲᠤᠭᠤᠷᠢᠨ ᠢ ᠬᠠᠮᠠᠭᠠᠯᠠᠬᠤ ᠪᠠ ᠬᠤᠭ ᠨᠣᠪᠰᠢ ᠶᠢ ᠲᠥᠷᠥᠯ ᠬᠤᠪᠢᠶᠠᠬᠤ ᠶᠢᠨ ᠴᠢᠬᠤᠯᠠ ᠴᠢᠨᠠᠷ ᠢ ᠤᠬᠠᠭᠤᠯᠪᠠ᠃
     ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 20 ᠭᠠᠷᠤᠶ ᠠᠵᠢᠯᠲᠠᠨ ᠵᠢᠴᠢ ᠰᠠᠶᠢᠨ ᠳᠤᠷ᠎ᠠ ᠶᠢᠨ ᠠᠵᠢᠯᠯᠠᠭᠴᠢ ᠶᠢ ᠳᠠᠶᠢᠴᠢᠯᠠᠨ᠂ 1.6 ᠲᠣᠨ ᠬᠤᠭ ᠨᠣᠪᠰᠢ ᠪᠠ ᠳᠤᠷ᠎ᠠ ᠪᠠᠷ ᠢᠶᠠᠨ ᠣᠪᠣᠭᠠᠯᠠᠭᠰᠠᠨ ᠪᠣᠳᠠᠰ ᠢ ᠴᠡᠪᠡᠷᠯᠡᠵᠡᠶ᠃ ᠲᠣᠰ ᠤᠳᠠᠭᠠᠨ ᠤ ᠬᠡᠷ ᠣᠷᠣᠨ ᠢᠶᠠᠨ ᠠᠷᠢᠭᠤᠳᠬᠠᠬᠤ ᠰᠠᠶᠢᠨ ᠳᠤᠷ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠤᠭᠤᠷᠢᠨ ᠢ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠬᠠᠷᠢᠶᠠᠲᠤ ᠣᠷᠣᠨ ᠤ ᠣᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠢ ᠴᠢᠩᠭᠠᠷᠠᠭᠤᠯᠤᠨ᠂ ᠴᠡᠪᠡᠷ ᠲᠡᠭᠰᠢ᠂ ᠪᠣᠯᠪᠠᠰᠤᠨ᠂ ᠡᠶ᠎ᠡ ᠵᠣᠬᠢᠴᠠᠯ ᠲᠠᠢ ᠣᠷᠣᠰᠢᠨ ᠰᠠᠭᠤᠬᠤ ᠣᠷᠴᠢᠨ ᠨᠥᠬᠦᠴᠡᠯ ᠢ ᠪᠣᠶ ᠪᠣᠯᠭᠠᠪᠠ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠪᠠᠭ᠎ᠠ ᠲᠦᠷᠭᠡᠨ ᠭᠤᠤᠯ ᠪᠠᠯᠭᠠᠰᠤ ᠶᠢᠨ ᠬᠢᠨ ᠠᠷᠢᠭᠤᠨ ᠴᠡᠪᠡᠷ ᠤᠨ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠨᠡᠩ ᠠᠷᠢᠭᠤᠨ ᠴᠡᠪᠡᠷ ᠪᠠᠭ᠎ᠠ ᠲᠦᠷᠭᠡᠨ ᠭᠤᠤᠯ ᠪᠠᠯᠭᠠᠰᠤ ᠶᠢ ᠪᠦᠳᠦᠬᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠪᠣᠯᠤᠨ᠎ᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号