ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ᠄ ᠭᠤᠤᠯ ᠤᠨ ᠵᠠᠮ ᠳᠠᠭᠠᠤ ᠶᠢᠨ ᠲᠣᠰᠬᠤᠨ ᠪᠠᠯᠭᠠᠰᠤ ᠶᠢᠨ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠳᠦᠷᠢ︾ ᠶᠢ ᠨᠢ ᠳᠡᠭᠡᠭᠰᠢᠯᠡᠭᠦᠯᠵᠦ ︽ᠴᠢᠨᠠᠷ ︾ ᠢ ᠨᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2023/12/14
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠭᠤᠣᠯᠳᠠᠯᠭ᠎ᠠ ᠲᠠᠢ ᠠᠵᠢᠯ ᠢ ᠥᠨᠳᠥᠷ ᠪᠠᠷᠢᠮᠵᠢᠶ᠎ᠠ ᠪᠠᠷ ᠥᠨᠳᠥᠷ ᠶᠠᠰᠤ ᠴᠢᠨᠠᠷᠲᠠᠢ ᠪᠠᠷ ᠠᠬᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠶᠢ ᠨᠡᠩ ᠯᠠᠪᠳᠠᠭᠤᠨ ᠪᠥᠭᠡᠳ ᠨᠠᠷᠢᠯᠢᠭ ᠦᠷᠭᠦᠯᠵᠢᠯᠡᠨ ᠠᠬᠢᠭᠤᠯᠬᠤ ᠶᠢᠨ ᠲᠦᠯᠦᠭᠡ᠂ ᠤᠢᠢᠷ᠎ᠠ ᠶᠢᠨ ᠡᠳᠦᠷ᠂ ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠳᠤ ᠰᠠᠭᠤᠷᠢᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠲᠣᠣᠷᠯᠠᠬᠤ ᠮᠠᠶ᠋ᠢᠭ ᠤᠨ᠂ ᠬᠡᠪᠢᠰ ᠮᠠᠶ᠋ᠢᠭ ᠤᠨ ᠵᠢᠭᠰᠠᠭᠠᠨ ᠪᠠᠶᠢᠴᠠᠭᠠᠬᠤ ᠪᠠᠷ ᠳᠠᠮᠵᠢᠭᠤᠯᠵᠤ᠂ ᠭᠤᠣᠯ ᠤᠨ ᠵᠠᠮ ᠳᠠᠭᠠᠤ ᠶᠢᠨ ᠲᠣᠰᠬᠤᠨ ᠪᠠᠯᠭᠠᠰᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠪᠠᠷ ᠴᠢᠷᠮᠠᠶᠢᠪᠠ᠃
     ︽ᠭᠤᠷᠪᠠ ᠶᠢ ᠢᠯᠭᠠᠷᠠᠭᠤᠯᠬᠤ᠂ ᠭᠤᠷᠪᠠ ᠶᠢ ᠴᠡᠭᠴᠡᠯᠡᠨ ᠵᠠᠰᠠᠬᠤ᠂ ᠳᠥᠷᠪᠡ ᠶᠢ ᠳᠡᠭᠡᠭᠰᠢᠯᠡᠭᠦᠯᠬᠦ︾ ᠠᠶᠢᠯ ᠲᠣᠰᠬᠤᠨ ᠤ ᠲᠤᠰᠬᠠᠶ ᠠᠷᠢᠭᠤᠨ ᠴᠡᠪᠡᠷ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠶᠢᠨ ᠬᠠᠮᠲᠤ᠂ ᠠᠶᠢᠯ ᠲᠣᠰᠬᠤᠨ ᠤ ᠤᠯᠠᠨ ᠨᠡᠶᠢᠲᠡ ᠶᠢᠨ ᠣᠷᠣᠨ ᠵᠠᠶ ᠶᠢ ᠴᠡᠭᠴᠡᠯᠡᠨ ᠵᠠᠰᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠭᠡᠷ ᠪᠠᠶᠢᠰᠢᠩ ᠤᠨ ᠡᠮᠦᠨ᠎ᠡ ᠬᠤᠶᠢᠨ᠎ᠠ᠂ ᠠᠶᠢᠯ ᠲᠣᠰᠬᠤᠨ ᠤ ᠡᠷᠬᠢᠨ ᠲᠣᠭᠤᠷᠢᠨ ᠵᠢᠴᠢ ᠣᠷᠣᠵᠤ ᠭᠠᠷᠬᠤ ᠭᠠᠵᠠᠷ ᠤᠨ ᠵᠠᠮ ᠤᠨ ᠬᠤᠶᠠᠷ ᠬᠠᠵᠠᠭᠤ᠂ ᠬᠠᠲᠤᠨ ᠭᠤᠣᠯ ᠤᠨ ᠰᠠᠪᠠ ᠭᠠᠵᠠᠷ ᠵᠢᠴᠢ ᠭᠤᠣᠯ ᠤᠨ ᠵᠠᠮ ᠤᠨ ᠬᠤᠶᠠᠷ ᠡᠷᠭᠢ᠂ ᠲᠠᠷᠢᠶᠠᠨ ᠭᠠᠵᠠᠷ ᠤᠨ ᠦᠵᠦᠭᠦᠷ ᠵᠡᠷᠭᠡ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰᠬᠤᠨ ᠤ ᠬᠦᠪᠡᠭᠡ᠂ ᠵᠠᠮ ᠤᠨ ᠬᠦᠪᠡᠭᠡ᠂ ᠤᠰᠤᠨ ᠤ ᠬᠦᠪᠡᠭᠡ᠂ ᠲᠠᠷᠢᠶᠠᠨ ᠬᠦᠪᠡᠭᠡ ᠵᠡᠷᠭᠡ ᠠᠷᠢᠭᠤᠨ ᠴᠡᠪᠡᠷ ᠤᠨ ᠦᠯᠦ ᠣᠨᠣᠭᠳᠠᠬᠤ ᠥᠨᠴᠥᠭ ᠪᠤᠯᠤᠩ ᠪᠠ ᠬᠠᠮᠢᠶᠠᠷᠤᠯᠲᠠ ᠶᠢᠨ ᠪᠠᠯᠠᠶ ᠣᠷᠣᠨ ᠤ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠵᠦ᠂ ᠡᠪᠦᠯ ᠤᠨ ᠤᠯᠠᠷᠢᠯ ᠤᠨ ᠬᠥᠳᠡᠭᠡ ᠲᠣᠰᠬᠤᠨ ᠤ ᠣᠷᠴᠢᠨ ᠲᠤᠭᠤᠷᠢᠨ ᠤ ᠠᠷᠢᠭᠤᠨ ᠴᠡᠪᠡᠷ ᠢ ᠲᠥᠪᠯᠡᠷᠡᠭᠦᠯᠦᠨ ᠴᠡᠭᠴᠡᠯᠡᠨ ᠵᠠᠰᠠᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃
     ᠪᠦᠷᠢᠳᠬᠡᠯ ᠢ ᠦᠨᠳᠦᠰᠦᠯᠡᠪᠡᠯ᠂ ᠲᠥᠪ ᠠᠴᠠ ᠨᠡᠶᠢᠳᠡ 50 ᠬᠥᠮᠦᠨ ᠤᠳᠠᠭ᠎ᠠ᠂ ᠡᠯ᠎ᠡ ᠲᠦᠷᠦᠯ ᠤᠨ ᠮᠠᠰᠢᠨ ᠲᠡᠷᠭᠡ ᠶᠢ 24 ᠰᠠᠤᠷᠢ ᠤᠳᠠᠭ᠎ᠠ ᠬᠥᠳᠡᠯᠭᠡᠵᠦ᠂ ᠲᠣᠰᠬᠤᠨ ᠪᠠᠯᠭᠠᠰᠤ ᠵᠢᠴᠢ ᠵᠠᠮ ᠳᠠᠭᠠᠤ 40 ᠭᠠᠷᠤᠢ ᠭᠠᠵᠠᠷ ᠤᠨ ᠡᠯ᠎ᠡ ᠲᠦᠷᠦᠯ ᠤᠨ ᠬᠤᠭ ᠨᠣᠪᠰᠢ ᠶᠢ ᠨᠡᠶᠢᠳᠡ 13 ᠲᠣᠨ ᠴᠡᠪᠡᠷᠯᠡᠵᠦ᠂ ᠠᠮᠢᠳᠤᠷᠠᠯ ᠤᠨ ᠬᠤᠭ ᠨᠣᠪᠰᠢ ᠶᠢ ︽ᠡᠳᠦᠷ ᠤᠨ ᠬᠤᠭ ᠨᠤᠪᠰᠢ ᠶᠢ ᠡᠳᠦᠷ ᠲᠤ ᠨᠢ ᠴᠡᠪᠡᠷᠯᠡᠬᠦ︾ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠳᠦᠷᠰᠦ ᠪᠠᠶᠢᠳᠠᠯ ᠴᠣ᠋ ᠰᠢᠨ᠎ᠡ ᠪᠤᠯᠵᠤ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠮᠡᠳᠡᠭᠳᠡᠮ᠎ᠡ ᠳᠡᠭᠡᠭᠰᠢᠯᠡᠵᠡᠢ᠃
      ᠳᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠨᠢ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠪᠠᠨ ᠦᠷᠭᠦᠯᠵᠢᠯᠡᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠬᠠᠷᠢᠭᠤᠴᠠᠯᠭ᠎ᠠ ᠪᠣᠯᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠪᠥᠬᠦ ᠣᠷᠣᠨ ᠪᠦᠰᠡ ᠪᠠᠷ ᠢᠶᠠᠨ ᠭᠤᠶᠣ ᠰᠠᠶᠢᠬᠠᠨ᠂ ᠣᠷᠳᠣ ᠬᠤᠭᠤᠴᠠᠭᠠᠨ ᠤ ᠬᠡᠭᠡᠨᠴᠢᠷ ᠰᠠᠶᠢᠬᠠᠨ ᠬᠤᠪᠢᠷᠠᠭᠤᠯᠬᠤ ᠶᠢ ᠠᠬᠢᠭᠤᠯᠤᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号