ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 12 ᠰᠠᠯᠠᠭ᠎ᠠ | ᠮᠥᠴᠢᠷ ᠲᠠᠢ ᠬᠠᠮᠲᠤᠷᠠᠨ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠡᠬᠢᠯᠡᠭᠦᠯᠵᠦ᠂ ᠣᠨ ᠤ ᠰᠡᠭᠦᠯ ᠵᠢᠯ ᠤᠨ ᠡᠬᠢᠨ ᠤ ᠠᠮᠤᠷ | ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠴᠢᠨᠠᠷ ᠪᠠ ᠪᠦᠲᠦᠮᠵᠢ ᠶᠢ ᠤᠯᠠᠮ | ᠳᠡᠭᠡᠭᠰᠢᠯᠡᠭᠦᠯᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠲᠤᠰᠬᠠᠢ ᠴᠡᠭᠴᠡᠯᠡᠨ ᠵᠠᠰᠠᠯᠲᠠ ᠨᠢ 12 ᠳ᠋ᠤᠭᠠᠷ ᠰᠠᠷ᠎ᠠ ᠶᠢᠨ | ᠰᠢᠨᠡᠳ ᠠᠴᠠ 2024 ᠣᠨ ᠤ ᠬᠠᠪᠤᠷ ᠤᠨ ᠰᠤᠷᠤᠯᠭ᠎ᠠ ᠡᠬᠢᠯᠡᠲᠡᠯ᠎ᠡ ᠦᠷᠭᠦᠯᠵᠢᠯᠡᠵᠦ᠂ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠤ ᠰᠡᠷᠭᠡᠶᠢᠯᠡᠯᠲᠡ ᠶᠢᠨ ᠲᠣᠭᠲᠠᠯᠴᠠᠭ᠎ᠠ ᠶᠢᠨ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ | ᠡᠷᠬᠢᠨ ᠲᠣᠭᠤᠷᠢᠨ ᠤ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ᠂ ᠰᠤᠷᠭᠠᠭᠤᠯᠢ ᠶᠢᠨ ᠬᠦᠷᠢᠶᠡᠨ ᠤ | ᠪᠠᠶᠢᠩᠭᠤᠵᠢᠭᠰᠠᠨ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠯᠲᠡ ᠵᠡᠷᠭᠡ ᠭᠤᠣᠯᠳᠠᠯᠭ᠎ᠠ ᠲᠠᠢ ᠤᠶᠠᠯᠳᠤᠭᠤᠯᠤᠨ | ᠶᠡᠷᠦᠩᠬᠡᠶᠢᠯᠡᠨ ᠴᠡᠭᠴᠡᠯᠡᠨ ᠵᠠᠰᠠᠨ᠎ᠠ᠃ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠬᠦ ᠶᠢ ᠬᠠᠮᠵᠢᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ | ᠵᠢᠯᠤᠭᠤᠳᠬᠤ ᠵᠥᠪᠯᠡᠯ ᠤᠨ ᠠᠯᠪᠠᠨ ᠭᠡᠷ ᠨᠢ 4 ᠬᠢᠨᠠᠨ ᠵᠢᠯᠤᠭᠤᠳᠬᠤ ᠳᠤᠭᠤᠶᠢᠯᠠᠩ ᠢ ᠪᠦᠷᠢᠯᠳᠦᠭᠦᠯᠵᠦ ᠠᠶᠢᠮᠠᠭ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ | ᠨᠠᠶᠢᠳᠠᠪᠤᠷᠢᠵᠢᠭᠤᠯᠬᠤ ᠶᠢ ᠨᠢ ᠵᠢᠯᠣᠭᠤᠳᠴᠤ ᠬᠢᠨᠠᠨ ᠪᠠᠶᠢᠴᠠᠭᠠᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ | ᠰᠤᠷᠭᠠᠨ ᠬᠥᠮᠦᠵᠢᠯ ᠤᠨ ᠲᠢᠩᠬᠢᠮ ᠠᠴᠠ 12 ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠠᠶᠢᠮᠠᠭ ᠬᠤᠲᠠ ᠶᠢᠨ | ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ︽ᠰᠤᠷᠭᠠᠭᠤᠯᠢ ᠴᠡᠴᠡᠷᠯᠢᠭ ᠢ ᠬᠠᠮᠠᠭᠠᠯᠠᠭᠰᠠᠨ︾ | ᠪᠠᠶᠢᠳᠠᠯ ᠢ ᠲᠤᠰᠬᠠᠢ ᠪᠠᠶᠢᠴᠠᠭᠠᠵᠤ ᠪᠠᠶᠢᠨ᠎ᠠ︔ ᠪᠥᠬᠦ ᠣᠷᠣᠨ ᠤ 58 ᠶᠡᠭᠡ ᠳᠡᠭᠡᠳᠦ ᠰᠤᠷᠭᠠᠭᠤᠯᠢ ᠬᠠᠷᠢᠯᠴᠠᠨ | ᠪᠠᠶᠢᠴᠠᠭᠠᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ | ᠰᠤᠷᠭᠠᠭᠤᠯᠢ ᠠᠮᠤᠷ ᠲᠦᠪᠰᠢᠨ ᠤ ᠳᠠᠯᠳᠠ ᠬᠡᠮ ᠤᠨ ᠥᠯᠥ ᠣᠨᠣᠭᠳᠠᠬᠤ ᠭᠠᠵᠠᠷ ᠪᠠ ᠪᠠᠯᠠᠢ ᠴᠡᠭ ᠢ ᠴᠢᠩᠭ᠎ᠠ | ᠠᠩᠬᠠᠷᠴᠤ᠂ ᠬᠠᠷᠢᠭᠤᠴᠠᠬᠤ ᠪᠠ ᠡᠭᠦᠷᠭᠡᠯᠡᠬᠦ ᠤᠬᠠᠮᠰᠠᠷ ᠢᠶᠠᠨ ᠤᠯᠠᠮ ᠴᠢᠩᠭᠠᠳᠬᠠᠵᠤ᠂ ᠬᠡᠷᠡᠭ ᠡᠭᠦᠰᠬᠦ ᠠᠴᠠ | ᠡᠮᠦᠨ᠎ᠡ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠠᠶᠤᠯ ᠦᠭᠡᠢ | ᠦᠢᠯᠡᠳᠪᠦᠷᠢᠯᠡᠯ ᠤᠨ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ | ᠪᠡᠶ᠎ᠡ ᠶᠢᠨ ᠠᠮᠤᠷ ᠲᠦᠪᠰᠢᠨ ᠪᠠ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠢ | ᠪᠠᠲᠤᠯᠠᠬᠤ ᠬᠡᠷᠡᠭᠲᠡᠢ᠃ |