ᠢᠦᠢ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ︽ᠤᠮᠠᠷᠠᠲᠤ ᠬᠢᠯᠢ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ · ᠠᠵᠢᠯ ᠢᠶᠠᠷ ᠢᠷᠡᠭᠡᠳᠦᠢ ᠶᠢ ᠬᠦᠲᠦᠯᠦᠨ ᠵᠢᠯᠣᠭᠤᠳᠬᠤ︾ ᠢᠦᠢ ᠴᠢᠤᠸᠠᠨ ᠲᠣᠭᠤᠷᠢᠭ ᠤᠨ ᠲᠤᠰᠬᠠᠢ ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2023/12/21
     ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠤᠳᠤᠯᠭ᠎ᠠ ᠶᠢ ᠴᠢᠩᠭᠠᠷᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠵᠡᠷᠭᠡ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽2+N︾ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠤᠰᠬᠠᠶ ᠠᠵᠢᠯᠯᠠᠭ᠎ᠠ ᠶᠢᠨ ᠨᠠᠷᠠᠲᠤ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠬᠥᠳᠡᠯᠮᠦᠷᠢᠴᠢᠳ ᠤᠨ ᠠᠵᠢᠯ ᠡᠷᠢᠬᠦ ᠪᠠ ᠬᠥᠮᠦᠨ ᠬᠡᠷᠡᠭᠯᠡᠬᠦ ᠨᠢᠭᠡᠴᠢ ᠶᠢᠨ ᠠᠵᠢᠯᠲᠠᠨ ᠡᠯᠰᠡᠵᠦ ᠬᠡᠷᠡᠭᠯᠡᠬᠦ ᠳᠤ ᠲᠠᠪᠴᠠᠩ ᠪᠠᠶᠢᠭᠤᠯᠤᠨ ᠥᠭᠴᠦ᠂ ᠴᠢᠨᠠᠷ ᠰᠠᠶᠢᠲᠠᠶ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠬᠤ ᠶᠢᠨ ᠲᠦᠯᠦᠭᠡ᠂ ᠣᠶᠢᠷ᠎ᠠ ᠳᠤ᠂ ︽ᠤᠮᠠᠷᠠᠲᠤ ᠬᠢᠯᠢ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ · ᠠᠵᠢᠯ ᠢᠶᠠᠷ ᠢᠷᠡᠭᠡᠳᠦᠢ ᠶᠢ ᠬᠦᠲᠦᠯᠦᠨ ᠵᠢᠯᠣᠭᠤᠳᠬᠤ︾ 2023 ᠣᠨ ᠤ ᠪᠥᠬᠦ ᠲᠤᠭᠤᠷᠢᠭ ᠤᠨ ᠠᠵᠢᠯ ᠣᠯᠭᠤᠬᠤ ᠪᠠ ᠦᠢᠯᠡᠰ ᠪᠤᠰᠬᠠᠬᠤ ᠶᠢ ᠠᠬᠢᠭᠤᠯᠬᠤ ᠬᠤᠷᠠᠯ ᠤᠨ ᠰᠢᠷᠢᠰ ᠠᠵᠢᠯᠯᠠᠭ᠎ᠠ ᠵᠢᠴᠢ ᠢᠦᠶ ᠴᠢᠤᠸᠠᠨ ᠲᠣᠭᠤᠷᠢᠭ ᠤᠨ ᠲᠤᠰᠬᠠᠶ ᠠᠵᠢᠯᠲᠠᠨ ᠡᠯᠰᠡᠬᠦ ᠴᠤᠭᠯᠠᠭᠠᠨ ᠢ ᠢᠦᠶ ᠴᠢᠤᠸᠠᠨ ᠲᠣᠭᠤᠷᠢᠭ ᠤᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠲᠤ ᠠᠮᠵᠢᠯᠲᠠ ᠲᠠᠢ ᠡᠷᠭᠢᠯᠡᠪᠡ᠃
     ᠨᠠᠩ ᠣᠯᠠᠨ ᠠᠵᠢᠯ ᠡᠷᠢᠭᠰᠡᠳ᠂ ᠵᠢᠵᠢᠭ ᠪᠢᠴᠢᠯ ᠠᠵᠤ ᠠᠬᠤᠶᠢᠯᠠᠯ ᠳᠤ ᠠᠵᠢᠯ ᠣᠯᠭᠤᠬᠤ ᠪᠠ ᠦᠢᠯᠡᠰ ᠪᠤᠰᠬᠠᠬᠤ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠣᠶᠢᠯᠠᠭᠠᠭᠤᠯᠬᠤ ᠶᠢᠨ ᠲᠥᠯᠥᠭᠡ᠂ ᠲᠤᠬᠠᠶ ᠶᠢᠨ ᠲᠠᠯᠠᠪᠤᠷ ᠲᠤ ᠲᠤᠰᠬᠠᠶᠢᠯᠠᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠰᠢᠭᠤᠳ ᠨᠡᠪᠲᠡᠷᠡᠭᠦᠯᠭᠡ ᠶᠢᠨ ᠲᠠᠰᠤᠭ ᠭᠠᠷᠭᠠᠭᠰᠠᠨ ᠪᠠᠶᠢᠨ᠎ᠠ᠃ ᠢᠦᠶ ᠴᠢᠤᠸᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠠᠴᠠ ᠲᠣᠰ ᠲᠣᠰ ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ᠂ ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ᠂ ᠴᠢᠳᠠᠪᠤᠷᠢᠲᠠᠨ ᠤ ᠨᠥᠭᠡᠴᠡ ᠵᠡᠷᠭᠡ ᠳᠤ ᠴᠢᠭᠯᠡᠭᠦᠯᠦᠨ ᠨᠠᠷᠢᠨ ᠲᠠᠶᠢᠯᠤᠮᠵᠢ ᠬᠢᠬᠦ ᠶᠢᠨ ᠬᠠᠮᠲᠤ ᠲᠤᠬᠠᠶ ᠶᠢᠨ ᠲᠠᠯᠠᠪᠤᠷ ᠲᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠶᠢᠨ ᠦᠢᠯᠡᠴᠢᠯᠡᠭᠡᠨ ᠤ ᠲᠠᠪᠴᠠᠩ ᠭᠠᠷᠭᠠᠵᠤ᠂ ᠠᠵᠢᠯ ᠡᠷᠢᠭᠰᠡᠳ ᠪᠠ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠬᠠᠷᠢᠭᠤᠯᠲᠠ ᠬᠠᠩᠭᠠᠵᠤ᠂ ᠠᠳᠠᠯᠢ ᠪᠤᠰᠤ ᠠᠵᠢᠯ ᠣᠯᠤᠭᠰᠠᠳ ᠵᠢᠴᠢ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠬᠠᠩᠭᠠᠪᠠ᠃ ᠡᠭᠦᠨ ᠠᠴᠠ ᠭᠠᠳᠠᠨ᠎ᠠ᠂ ᠠᠵᠢᠯᠲᠠᠨ ᠡᠯᠰᠡᠬᠦ ᠴᠤᠭᠯᠠᠭᠠᠨ ᠳᠤ ᠲᠤᠰᠬᠠᠶᠢᠯᠠᠨ ᠬᠥᠬᠡᠬᠤᠲᠠ ᠶᠢᠨ ᠷᠦᠩ ᠠᠶ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠵᠡᠮᠳᠡᠭᠴᠦᠳ ᠢ ᠳᠡᠮᠵᠢᠨ ᠲᠤᠰᠠᠯᠠᠵᠤ ᠠᠵᠢᠯ ᠣᠯᠭᠤᠬᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠵᠡᠷᠭᠡ ᠣᠯᠠᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠵᠡᠮᠳᠡᠭᠴᠦᠳ ᠤᠨ ᠠᠵᠢᠯ ᠡᠷᠢᠭᠰᠡᠳ ᠲᠤ ᠠᠵᠢᠯ ᠤᠨ ᠪᠠᠶᠢᠷᠢ ᠬᠠᠩᠭᠠᠵᠤ᠂ ᠵᠡᠮᠳᠡᠭᠴᠦᠳ ᠤᠨ ᠠᠵᠢᠯ ᠤᠯᠬᠤ ᠶᠢ ᠤᠯᠠᠮ ᠨᠢᠭᠡ ᠠᠯᠬᠤᠮ ᠠᠬᠢᠭᠤᠯᠪᠠ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ 70 ᠠᠵᠤ ᠠᠬᠤᠶᠢᠯᠠᠯ ᠲᠤᠬᠠᠶ ᠶᠢᠨ ᠲᠠᠯᠠᠪᠤᠷ ᠲᠤ ᠠᠵᠢᠯᠲᠠᠨ ᠡᠯᠰᠡᠵᠦ᠂ ᠠᠵᠢᠯ ᠤᠨ ᠪᠠᠶᠢᠷᠢ ᠳᠠᠭᠠᠭᠤᠯᠤᠭᠰᠠᠨ 43 ᠠᠵᠤ ᠠᠬᠤᠶᠢᠯᠠᠯ ᠢ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠪᠠᠷ ᠤᠷᠢᠵᠤ᠂ ︽ᠢᠦᠶ ᠴᠢᠤᠸᠠᠨ ᠠᠵᠢᠯ ᠣᠯᠭᠤᠬᠤ︾ ᠲᠢᠭ᠋ ᠲᠤᠭ᠂ ᠪᠤᠰᠢᠭᠤ ᠭᠠᠷ᠂ ︽ᠠᠵᠢᠯ ᠣᠯᠭᠤᠬᠤ ᠡᠭᠦᠯᠡᠨ ᠦᠢᠯᠡᠴᠢᠯᠡᠭᠡᠨ ᠤ ᠲᠠᠪᠴᠠᠩ︾ ᠵᠡᠷᠭᠡ ᠭᠤᠷᠪᠠᠨ ᠲᠠᠪᠴᠠᠩ ᠢᠶᠠᠷ ᠳᠠᠮᠵᠢᠭᠤᠯᠤᠨ ᠵᠡᠷᠭᠡ ᠪᠠᠷ ᠰᠢᠭᠤᠳ ᠨᠡᠪᠲᠡᠷᠡᠭᠦᠯᠵᠦ᠂ ᠨᠡᠶᠢᠲᠡ 5713 ᠠᠵᠢᠯ ᠤᠨ ᠪᠠᠶᠢᠷᠢ ᠬᠠᠩᠭᠠᠵᠤ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠭᠠᠷ ᠳᠡᠪᠲᠡᠷ ᠢ 500 ᠭᠠᠷᠤᠶ ᠬᠤᠪᠢ ᠲᠠᠷᠬᠠᠭᠠᠵᠠᠶ᠃ ᠠᠵᠢᠯᠲᠠᠨ ᠡᠯᠰᠡᠬᠦ ᠴᠤᠭᠯᠠᠭᠠᠨ ᠳᠠᠭᠤᠰᠬᠤ ᠪᠣᠯᠲᠠᠯ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠷᠣᠯᠴᠠᠭᠰᠠᠨ ᠬᠥᠮᠦᠨ ᠤ ᠲᠤᠭ᠎ᠠ ᠨᠡᠶᠢᠲᠡ 8.9 ᠲᠦᠮᠡ ᠭᠠᠷᠤᠶ ᠬᠥᠮᠦᠨ ᠤᠳᠠᠭ᠎ᠠ ᠳᠤ ᠬᠦᠷᠴᠦ᠂ ᠠᠩᠬ᠎ᠠ ᠠᠯᠬᠤᠮ ᠤᠨ ᠠᠵᠢᠯ ᠤᠯᠬᠤ ᠰᠠᠨᠠᠮᠵᠢ ᠲᠠᠢ ᠪᠣᠯᠤᠭᠰᠠᠨ ᠨᠢ 125 ᠬᠥᠮᠦᠨ ᠳᠤ ᠬᠦᠷᠴᠡᠶ᠃
     ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠣᠯᠭᠤᠬᠤ ᠪᠠ ᠦᠢᠯᠡᠰ ᠪᠤᠰᠬᠠᠬᠤ ᠠᠵᠢᠯ ᠢ ᠢᠳᠡᠪᠬᠢᠲᠡᠶ ᠳᠥᠯᠭᠢᠨ ᠠᠬᠢᠭᠤᠯᠵᠤ᠂ ᠡᠯ᠎ᠡ ᠲᠥᠷᠥᠯ ᠤᠨ ᠠᠵᠢᠯᠲᠠᠨ ᠡᠯᠰᠡᠬᠦ ᠴᠤᠭᠯᠠᠭᠠᠨ ᠡᠷᠭᠢᠯᠡᠬᠦ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠬᠦ᠂ ᠦᠢᠯᠡᠰ ᠪᠤᠰᠬᠠᠬᠤ ᠳᠤ ᠳᠡᠮᠵᠢᠯᠭᠡ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠡᠷᠢᠭᠰᠡᠳ ᠪᠠ ᠠᠵᠤ ᠠᠬᠤᠶᠢᠯᠠᠯ ᠳᠤ ᠨᠠᠩ ᠥᠷᠭᠡᠨ ᠳᠡᠯᠭᠡᠷ ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ᠂ ᠢᠦᠶ ᠴᠢᠤᠸᠠᠨ ᠲᠣᠭᠤᠷᠢᠭ ᠤᠨ ᠠᠵᠢᠯ ᠣᠯᠭᠤᠬᠤ ᠪᠠ ᠦᠢᠯᠡᠰ ᠪᠤᠰᠬᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠳᠥᠯᠭᠢᠨ ᠠᠬᠢᠭᠤᠯᠤᠨ᠎ᠠ᠃ ᠡᠭᠦᠨ ᠤ ᠬᠠᠮᠲᠤ ᠪᠠᠰᠠ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠶᠢ ᠦᠷᠭᠦᠯᠵᠢᠯᠡᠨ ᠴᠢᠩᠭᠠᠳᠬᠠᠵᠤ᠂ ᠨᠡᠩ ᠤᠯᠠᠨ ᠬᠥᠮᠦᠰ ᠲᠤ ᠠᠵᠢᠯ ᠣᠯᠭᠤᠵᠤ ᠦᠢᠯᠡᠰ ᠪᠤᠰᠬᠠᠬᠤ ᠲᠦᠷᠦ ᠶᠢᠨ ᠪᠤᠳᠤᠯᠭ᠎ᠠ ᠶᠢᠨ ᠠᠰᠢᠭ ᠢ ᠤᠢᠢᠯᠠᠭᠠᠭᠤᠯᠤᠨ ᠡᠳ᠋ᠯᠡᠭᠦᠯᠵᠦ᠂ ᠢᠦᠢ ᠴᠢᠤᠸᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃      ᠲᠤᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠭᠤᠤᠯᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠳᠠᠭᠠᠭᠠᠨ ᠡᠷᠭᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠬᠤᠷᠢᠶ᠎ᠠ᠂ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠤᠭ᠎ᠠ᠂ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ ᠬᠠᠮᠵᠢᠯᠴᠠᠨ ᠡᠷᠬᠢᠯᠡᠪᠡ᠃              ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号