︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠢᠦᠢ ᠴᠢᠤᠸᠠᠨ ᠲᠣᠭᠤᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠶᠡᠭᠡ ᠬᠦᠷᠢᠶ᠎ᠡ ᠲᠣᠰᠬᠤᠨ ᠳᠤ ᠬᠦᠷᠴᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2023/12/25
     ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢ ᠨᠡᠩ ᠳᠤᠯᠠᠭᠠᠬᠠᠨ ᠪᠣᠯᠭᠠᠵᠤ᠂ ᠤᠯᠠᠨ ᠲᠦᠮᠡᠨ ᠤ ᠵᠣᠯ ᠵᠢᠷᠭᠠᠯ ᠢ ᠨᠡᠩ ᠪᠣᠳᠠᠲᠠᠢ ᠲᠦᠷᠦᠭᠳᠡᠯ ᠲᠠᠢ ᠪᠣᠯᠭᠠᠬᠤ ᠶᠢᠨ ᠲᠥᠯᠥᠭᠡ᠂ ᠤᠢᠢᠷ᠎ᠠ ᠶᠢᠨ ᠡᠳᠦᠷ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠢᠦᠢ ᠴᠢᠤᠸᠠᠨ ᠲᠣᠭᠤᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠶᠡᠭᠡ ᠬᠦᠷᠢᠶ᠎ᠡ ᠲᠣᠰᠬᠤᠨ ᠳᠤ ᠬᠦᠷᠴᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠵᠡᠢ᠃
     ᠢᠦᠢ ᠴᠢᠤᠸᠠᠨ ᠲᠣᠭᠤᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠯᠡᠭᠴᠢ ᠶᠦᠨ ᡁᠢ ᠭᠠᠩ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪ ᠤᠨ ᠲᠣᠭᠤᠷᠢᠨ ᠳᠤ᠂ ᠴᠢᠨᠠᠷ ᠰᠠᠶᠢᠲᠠᠢ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ 24 ᠦᠰᠦᠭ ᠤᠨ ᠴᠢᠭᠯᠡᠯᠲᠡ ᠶᠢᠨ ᠦᠨᠳᠦᠰᠦᠨ ᠱᠠᠭᠠᠷᠳᠠᠯᠭ᠎ᠠ᠂ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠣᠨᠴᠠᠯᠢᠭ ᠪᠣᠯᠤᠨ ᠴᠠᠭ ᠦᠶ᠎ᠡ ᠶᠢᠨ ᠦᠷᠳᠡᠭ ᠵᠡᠷᠭᠡ ᠲᠦᠷᠪᠡᠨ ᠲᠠᠯ᠎ᠠ ᠠᠴᠠ ᠭᠦᠨᠵᠡᠭᠡᠢ ᠪᠥᠭᠡᠳ ᠣᠶᠢᠯᠠᠭᠠᠮᠵᠢᠲᠠᠢ᠂ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠵᠡᠢ᠃ ᠲᠠᠶᠢᠯᠤᠮᠵᠢ ᠶᠢᠨ ᠠᠭᠤᠯᠭ᠎ᠠ ᠨᠢ ᠪᠠᠶᠠᠯᠢᠭ᠂ ᠦᠵᠡᠯᠲᠡ ᠨᠢ ᠢᠯᠡ ᠲᠣᠳᠣ ᠪᠠᠶᠢᠵᠤ᠂ ᠲᠡᠦᠬᠡ ᠶᠢᠨ ᠠᠬᠢᠴᠠ ᠶᠢ ᠶᠠᠷᠢᠭᠰᠠᠨ ᠮᠥᠷᠲᠡᠭᠡᠨ ᠪᠠᠰᠠ ᠦᠢᠯᠡᠳᠦᠯᠭᠡ ᠶᠢᠨ ᠵᠢᠱᠢᠶ᠎ᠡ ᠶᠢ ᠠᠭᠤᠵᠢᠷᠠᠲᠠᠯ᠎ᠠ ᠶᠠᠷᠢᠯᠴᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠠᠪᠰᠤᠷᠤᠨ ᠢᠲᠡᠭᠡᠯ ᠪᠢᠰᠢᠷᠡᠯ ᠤᠨ ᠰᠠᠭᠤᠷᠢ ᠶᠢ ᠤᠯᠠᠮ ᠴᠢᠨᠠᠭᠰᠢᠳᠠ ᠪᠠᠲᠤᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠪᠣᠯᠤᠨ ᠪᠣᠳᠠᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠳᠤ ᠬᠦᠴᠦᠷᠬᠡᠭ ᠶᠡᠭᠡ ᠦᠵᠡᠯ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠵᠡᠢ᠃
     ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠤᠯᠠᠨ ᠢᠶᠠᠷ ᠢᠶᠠᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠤᠭᠰᠠᠨ ᠪᠥᠭᠡᠳ ᠠᠵᠢᠯ ᠤᠨ ᠬᠠᠷᠠᠯᠲᠠ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠢ ᠨᠡᠩ ᠲᠣᠳᠣᠷᠬᠠᠢ ᠲᠠᠨᠢᠯᠲᠠ ᠲᠠᠢ ᠪᠣᠯᠵᠠᠢ ᠭᠡᠵᠦ ᠢᠯᠡᠳᠬᠡᠵᠡᠭᠡᠪᠡ᠃ ᠬᠤᠶᠢᠰᠢᠳᠠ ᠶᠢᠨ ᠠᠵᠢᠯ ᠤᠨ ᠳᠤᠮᠳᠠ ᠪᠠᠨ ᠦᠷᠭᠦᠯᠵᠢᠯᠡᠨ ᠭᠦᠨᠵᠡᠭᠡᠢ ᠰᠤᠷᠤᠯᠴᠠᠨ ᠨᠠᠷᠢᠨ ᠤᠬᠠᠪᠤᠷᠢᠯᠠᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ ᠭᠡᠪᠡ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号