ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠢᠦᠢ ᠴᠢᠤᠸᠠᠨ ᠲᠣᠭᠤᠷᠢᠭ ᠤᠨ ᠬᠢᠨ | ᠰᠤᠷᠤᠯᠴᠠᠬᠤ ᠶᠢᠨ ᠳᠠᠭᠠᠤ ᠬᠠᠷᠢᠴᠠᠭᠤᠯᠬᠤ᠂ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠠᠷᠠᠳ ᠤᠨ ᠲᠥᠯᠥᠭᠡ ᠵᠢᠳᠬᠦᠬᠦ ᠵᠣᠷᠢᠯᠲᠠ ᠶᠢ | ᠦᠢᠯᠡᠳᠦᠯᠭᠡᠵᠢᠭᠦᠯᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠰᠠᠶᠢᠲᠤᠷ ᠬᠢᠵᠦ᠂ ︽ᠴᠡᠭᠴᠡᠯᠡᠨ ᠰᠠᠶᠢᠵᠢᠷᠠᠭᠤᠯᠤᠭᠰᠠᠨ ᠨᠠᠷᠢᠨ ᠲᠠᠩᠰᠠ︾ ᠶᠢ ᠬᠥᠭᠵᠢᠯᠲᠡ ᠶᠢ ᠠᠬᠢᠭᠤᠯᠬᠤ ︽ | ᠦᠷ᠎ᠡ ᠪᠦᠲᠦᠮᠵᠢ ᠶᠢᠨ ᠨᠠᠷᠢᠨ ᠲᠠᠩᠰᠠ︾ ᠪᠣᠯᠤᠨ ᠤᠯᠠᠨ ᠲᠦᠮᠡᠨ ᠤ ︽ᠬᠠᠨᠤᠮᠵᠢᠲᠠᠢ ᠨᠠᠷᠢᠨ ᠲᠠᠩᠰᠠ︾ ᠪᠣᠯᠭᠠᠨ | ᠬᠤᠪᠢᠷᠠᠭᠤᠯᠵᠤ᠂ ᠬᠦᠴᠦᠲᠡᠢ ᠠᠷᠭ᠎ᠠ ᠬᠡᠮᠵᠢᠶ᠎ᠡ ᠪᠠᠷ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠵᠠᠢ᠃ | | | | | ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠭᠰᠣᠴᠠ ᠪᠠᠨ ᠦᠨᠡᠨᠬᠦ | ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠢ᠃ ᠢᠦᠶ ᠴᠢᠤᠸᠠᠨ ᠲᠣᠭᠤᠷᠢᠭ ᠤᠨ ᠡᠮᠬᠢᠯᠡᠨ | ᠳᠢᠭᠯᠡᠭᠰᠡᠨ ︽ᠠᠰᠠᠭᠤᠳᠠᠯ ᠤᠨ ᠨᠠᠷᠢᠨ ᠲᠠᠩᠰᠠ︾ ᠨᠢ ᠨᠡᠶᠢᠲᠡ 25 ᠵᠤᠷᠪᠤᠰ ᠪᠠᠶᠢᠵᠤ᠂ ᠨᠠᠷᠢᠨ ᠲᠠᠩᠰᠠ ᠨᠢ | ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠡᠷᠭᠢᠯᠳᠦᠭᠦᠯᠦᠨ ᠰᠢᠨᠡᠳᠬᠡᠪᠡ︔ 4 ᠵᠦᠢᠯ ᠤᠨ ᠲᠤᠰᠬᠠᠶ | ᠴᠡᠭᠴᠡᠯᠡᠨ ᠵᠠᠰᠠᠯᠲᠠ ᠶᠢ ᠦᠷᠨᠢᠭᠦᠯᠵᠦ᠂ ᠡᠭᠦᠨ ᠳᠤ᠂ ᠳᠡᠭᠡᠳᠦ ᠱᠠᠲᠤᠨ ᠤ ︽ᠭᠤᠷᠪᠠᠨ ᠤᠯᠠᠨ ᠭᠤᠷᠪᠠᠨ ᠴᠥᠭᠡᠨ | ᠭᠤᠷᠪᠠᠨ ᠤᠳᠠᠭᠠᠨ︾ ᠤ ᠠᠰᠠᠭᠤᠳᠠᠯ ᠪᠠ ︽ᠬᠡᠪᠲᠡᠭᠰᠡᠨ ᠮᠠᠶ᠋ᠢᠭ︾ ᠤᠨ ᠺᠠᠳ᠋ᠷ ᠤᠨ 2 ᠵᠦᠢᠯ ᠤᠨ ᠲᠤᠰᠬᠠᠶ | ᠴᠡᠭᠴᠡᠯᠡᠨ ᠵᠠᠰᠠᠯᠲᠠ ᠶᠢ ᠬᠦᠯᠢᠶᠡᠨ ᠠᠪᠴᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠬᠦᠷᠦᠯᠴᠡᠬᠦ ᠦᠭᠡᠢ︾ ᠪᠠ ︽ | ᠰᠤᠷᠭᠠᠨ ᠬᠥᠮᠦᠵᠢᠯ ᠤᠨ ᠬᠥᠭᠵᠢᠯᠲᠡ ᠲᠡᠩᠴᠡᠭᠦᠷᠢ ᠦᠭᠡᠢ᠂ ᠭᠦᠢᠴᠡᠳ ᠦᠭᠡᠢ︾ ᠠᠰᠠᠭᠤᠳᠠᠯ ᠤᠨ 2 ᠵᠦᠢᠯ ᠤᠨ | ᠲᠤᠰᠬᠠᠶ ᠴᠡᠭᠴᠡᠯᠡᠨ ᠵᠠᠰᠠᠯᠲᠠ ᠶᠢ ᠲᠣᠭᠲᠠᠭᠠᠪᠠ᠃ ᠠᠰᠠᠭᠤᠳᠠᠯ ᠢ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠲᠣᠭᠲᠠᠭᠠᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠨ | ᠰᠠᠶᠢᠵᠢᠷᠠᠭᠤᠯᠵᠤ ᠪᠣᠯᠬᠤ ᠶᠢ ᠨᠢ ᠲᠡᠷᠡ ᠳᠠᠷᠤᠢ ᠳᠤᠨᠢ ᠥᠭᠡᠷᠡᠴᠢᠯᠡᠨ ᠰᠠᠶᠢᠵᠢᠷᠠᠭᠤᠯᠵᠤ᠂ ᠪᠣᠳᠠᠲᠠᠢ ᠭᠠᠵᠠᠷ ᠲᠤᠨᠢ | ᠬᠠᠯᠠᠨ ᠰᠠᠶᠢᠵᠢᠷᠠᠭᠤᠯᠪᠠ︔ ᠠᠪᠤᠨ ᠳᠣᠣᠷ᠎ᠠ ᠪᠠᠨ ᠰᠢᠢᠳᠪᠦᠷᠢᠯᠡᠵᠦ ᠳᠡᠶᠢᠯᠬᠦ ᠥᠬᠡᠶ ᠬᠠᠷᠢᠭᠤᠴᠠᠯᠭ᠎ᠠ ᠶᠢ | ᠲᠣᠳᠣᠷᠬᠠᠶ ᠪᠣᠯᠭᠠᠵᠤ᠂ ᠴᠠᠭ ᠬᠤᠭᠤᠴᠠᠭ᠎ᠠ ᠶᠢ ᠲᠣᠳᠣᠷᠬᠠᠶ ᠪᠣᠯᠭᠠᠨ᠂ ᠴᠡᠭᠴᠡᠯᠡᠨ ᠥᠭᠡᠷᠡᠴᠢᠯᠡᠬᠦ ᠪᠣᠳᠠᠲᠤ ᠦᠷ᠎ᠡ | ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ᠃ | | | | | ᠬᠥᠭᠵᠢᠯᠲᠡ ᠶᠢᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠠᠯᠲᠠ ᠶᠢᠨ ᠴᠢᠭᠯᠡᠯ ᠢᠶᠠᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ᠪᠤᠴᠠᠭᠠᠨ ᠨᠡᠭᠦᠯᠭᠡᠬᠦ ᠬᠡᠷ ᠪᠠᠶᠢᠰᠢᠩ ᠢ ᠲᠣᠭᠲᠠᠭᠰᠠᠨ ᠬᠤᠭᠤᠴᠠᠭᠠᠨ ᠳᠤ ᠲᠤᠰᠢᠶᠠᠵᠤ ᠳᠡᠶᠢᠯᠬᠦ ᠥᠬᠡᠶ ᠪᠠᠶᠢᠬᠤ | ᠠᠰᠠᠭᠤᠳᠠᠯ ᠳᠤ ᠴᠢᠭᠯᠡᠭᠦᠯᠦᠨ᠂ ︽ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠭᠠᠵᠠᠷ ᠰᠢᠷᠣᠶ ᠶᠢ ᠬᠠᠰᠤᠵᠤ ᠬᠠᠶᠠᠬᠤ᠂ ᠲᠣᠰ ᠭᠠᠵᠠᠷ ᠣᠷᠣᠨ ᠤ ᠴᠢᠨᠠᠷ ᠰᠠᠶᠢᠲᠠᠶ ᠠᠵᠤ ᠠᠬᠤᠶᠢᠯᠠᠯ ᠤᠨ ᠣᠷᠣᠯᠠᠨ | ᠪᠠᠶᠢᠭᠤᠯᠬᠤ᠂ ᠣᠷᠣᠯᠠᠨ ᠪᠠᠶᠢᠭᠤᠯᠬᠤ ᠪᠠᠯᠠ ᠮᠥᠩᠭᠦ ᠪᠠᠷ ᠬᠤᠳᠠᠯᠳᠤᠭᠠᠨ ᠤ ᠰᠠᠭᠤᠭ᠎ᠠ ᠭᠠᠵᠠᠷ ᠰᠢᠷᠣᠶ ᠶᠢ | ᠰᠢᠯᠵᠢᠭᠦᠯᠦᠨ ᠬᠤᠳᠠᠯᠳᠤᠬᠤ ᠮᠥᠩᠭᠦ ᠶᠢ ᠲᠤᠯᠭᠠᠨ ᠣᠷᠣᠯᠠᠭᠤᠯᠬᠤ︾ ᠵᠠᠭᠪᠤᠷ ᠢ ᠢᠳᠡᠪᠬᠢᠲᠡᠶ ᠰᠦᠪᠡᠭᠴᠢᠯᠡᠨ | ᠬᠡᠷᠡᠭᠵᠢᠭᠦᠯᠵᠦ᠂ ᠨᠢᠭᠡᠨᠲᠡ 3 ᠣᠷᠣᠨ ᠬᠡᠰᠡᠭ᠂ 4 ᠪᠤᠴᠠᠭᠠᠨ ᠨᠡᠭᠦᠯᠭᠡᠬᠦ ᠲᠥᠪᠬᠢᠨᠡᠭᠦᠯᠬᠦ ᠬᠡᠷ ᠪᠠᠶᠢᠰᠢᠩ ᠤᠨ | ᠲᠥᠷᠥᠯ ᠵᠦᠢᠯ ᠢ ᠠᠵᠢᠯ ᠡᠬᠢᠯᠡᠭᠦᠯᠵᠦ᠂ ᠪᠤᠴᠠᠭᠠᠨ ᠨᠡᠭᠦᠯᠭᠡᠬᠦ 5050 ᠢᠵᠢ ᠬᠡᠷ ᠪᠠᠶᠢᠰᠢᠩ ᠳᠤ ᠬᠤᠯᠪᠣᠭᠳᠠᠨ᠂ | 4400 ᠭᠠᠷᠤᠶ ᠡᠷᠦᠬᠡ ᠰᠠᠭᠤᠭᠠᠯᠢ ᠠᠷᠠᠳ ᠢ ᠲᠥᠪᠬᠢᠨᠡᠭᠦᠯᠵᠦ᠂ ᠪᠤᠴᠠᠭᠠᠨ ᠨᠡᠭᠦᠯᠭᠡᠬᠦ ᠳᠤ ᠬᠦᠴᠢᠷᠲᠡᠶ ᠪᠠᠶᠢᠬᠤ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠯᠳᠠ ᠬᠡᠮ ᠢ ᠠᠷᠢᠯᠭᠠᠪᠠ᠃ ᠢᠦᠶ | ᠯᠦᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠠᠵᠠᠷ ᠰᠢᠷᠣᠶ ᠶᠢᠨ ᠠᠰᠢᠭᠯᠠᠯᠲᠠ ᠶᠢᠨ ᠬᠡᠰᠡᠭ | ᠪᠤᠰᠠᠭ᠂ ᠦᠷ᠎ᠡ ᠠᠰᠢᠭ ᠳᠣᠤᠷ᠎ᠠ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠠᠵᠤ ᠦᠢᠯᠡᠰ ᠤᠨ ᠪᠦᠲᠦᠴᠡ ᠶᠢ | ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠣᠬᠢᠷᠲᠤᠯ ᠥᠬᠡᠶ ᠢᠳᠡᠭᠡᠨ ᠢ ᠡᠳ᠋ᠰᠢᠭᠦᠯᠬᠦ᠂ ᠠᠮᠢᠳᠤ ᠪᠣᠳᠠᠰ ᠤᠨ ᠡᠮ | ᠡᠮᠨᠡᠯᠭᠡ ᠶᠢᠨ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠢᠦᠶ ᠯᠦᠩ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠤᠯᠠᠭᠠᠨ ᠨᠡᠷᠡᠨ᠂ ᠮᠢᠩ ᠶᠤᠸᠠᠨ ᠢᠳᠡᠭᠡᠨ ᠵᠡᠷᠭᠡ ᠠᠵᠤ | ᠠᠬᠤᠶᠢᠯᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠦᠬᠦᠰᠢᠷᠡᠮᠡᠯ | ᠠᠵᠤ ᠠᠬᠤᠶᠢᠯᠠᠯ︾ ᠢ ᠠᠮᠢᠯᠠᠭᠤᠯᠵᠤ᠂ ᠰᠤᠯᠠ ᠪᠠᠶᠢᠬᠤ ᠭᠠᠵᠠᠷ ᠰᠢᠷᠣᠶ ᠶᠢ ᠰᠤᠯᠠᠯᠠᠨ ᠪᠤᠴᠠᠭᠠᠪᠠ᠃ ᠣᠳᠣᠬᠠᠨ ᠳᠤ᠂ | ᠨᠢᠭᠡᠨᠲᠡ 10 ︽ᠦᠬᠦᠰᠢᠷᠡᠮᠡᠯ ᠠᠵᠤ ᠠᠬᠤᠶᠢᠯᠠᠯ︾ ᠢ ᠠᠮᠢᠯᠠᠭᠤᠯᠵᠤ᠂ 357.25 ᠮᠥ ᠭᠠᠵᠠᠷ ᠰᠢᠷᠣᠶ ᠶᠢ | ᠰᠤᠯᠠᠯᠠᠨ ᠭᠠᠷᠭᠠᠵᠤ᠂ ᠬᠤᠶᠠᠳᠤᠭᠠᠷ ᠪᠦᠯᠦᠭ ᠲᠤ 8 ᠠᠵᠤ ᠦᠢᠯᠡᠰ ᠢ ᠰᠤᠯᠠᠯᠠᠨ ᠭᠠᠷᠭᠠᠵᠤ᠂ ᠴᠠᠭᠠᠨ ᠭᠤᠶᠣᠣ | ᠠᠵᠤ ᠦᠢᠯᠡᠰ᠂ ᠯᠣᠤ ᠰᠦᠶ ᠶᠤᠸᠠᠨ᠂ ᠬᠠᠶ ᠫᠧᠩ ᠢᠳᠡᠭᠡᠨ ᠵᠡᠷᠭᠡ ᠠᠵᠤ ᠠᠬᠤᠶᠢᠯᠠᠯ ᠢ ᠪᠣᠬᠢᠷᠲᠤᠯ ᠥᠬᠡᠶ | ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ᠂ ᠲᠥᠪ ᠲᠣᠭᠤᠭᠠᠨ ᠬᠡᠷ ᠤᠨ ᠠᠵᠤ ᠦᠢᠯᠡᠰ ᠤᠨ ᠰᠠᠭᠤᠷᠢᠨ | ᠭᠠᠵᠠᠷ ᠲᠤ ᠣᠷᠣᠭᠤᠯᠤᠨ ᠰᠠᠭᠤᠯᠭᠠᠵᠤ᠂ ᠵᠠᠭᠤᠨ ᠳ᠋ᠦᠩᠰᠢᠭᠤᠷ ᠲᠠᠰ ᠤᠨ ᠪᠣᠬᠢᠷᠲᠤᠯ ᠥᠬᠡᠶ ᠢᠳᠡᠭᠡᠨ ᠤ ᠠᠵᠤ | ᠦᠢᠯᠡᠰ ᠤᠨ ᠰᠦᠷᠦᠭᠵᠢᠯ ᠢ ᠪᠤᠶᠢᠵᠢᠭᠤᠯᠪᠠ᠃ ᠡᠭᠦᠨ ᠤ ᠬᠠᠮᠲᠤ᠂ ᠵᠠᠰᠠᠭ ᠤᠨ ᠣᠷᠳᠣᠨ ᠲᠠᠪᠴᠠᠩ ᠪᠠᠶᠢᠭᠤᠯᠵᠤ᠂ | ᠵᠢᠨᠴᠤᠸᠠᠨ ᠤ ᠡᠮᠦᠨ᠎ᠡ ᠲᠣᠭᠤᠷᠢᠭ ᠤᠨ ᠴᠢ ᠯᠦ ᠡᠮ ᠦᠢᠯᠡᠳᠬᠦ᠂ ᠹᠦ᠋ ᠹᠧᠩ ᠠᠮᠢᠳᠤ ᠪᠣᠳᠠᠰ ᠵᠡᠷᠭᠡ ᠠᠵᠤ | ᠠᠬᠤᠶᠢᠯᠠᠯ ᠤᠨ ᠬᠡᠯᠬᠢᠶ᠎ᠡ ᠶᠢ ᠪᠠᠶᠢᠭᠤᠯᠤᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠷᠠᠭᠤᠯᠬᠤ ᠶᠢ | ᠢᠳᠡᠪᠬᠢᠲᠡᠶ ᠬᠠᠪᠰᠤᠷᠴᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ | ᠠᠬᠢᠭᠤᠯᠤᠨ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠴᠢᠳᠠᠪᠤᠷᠢ ᠶᠢ | ᠥᠷᠭᠡᠳᠬᠡᠬᠦ ᠶᠢ ᠠᠬᠢᠭᠤᠯᠵᠤ᠂ ᠬᠤᠶᠠᠷ ᠵᠠᠭᠤᠨ ᠳ᠋ᠦᠩᠰᠢᠭᠤᠷ ᠲᠠᠰ ᠤᠨ ᠠᠮᠢᠳᠤ ᠪᠣᠳᠠᠰ ᠤᠨ ᠡᠮ ᠡᠮᠨᠡᠯᠭᠡ ᠶᠢᠨ | ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠪᠠ᠃ | ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ ᠬᠢᠬᠦ ᠬᠡᠷᠡᠭᠲᠡᠢ᠃ ᠣᠯᠠᠨ ᠲᠦᠮᠡᠨ ᠤ ︽ | ᠪᠠᠴᠢᠮᠳᠠᠬᠤ ᠵᠤᠪᠠᠭ᠋ᠤ ᠬᠦᠴᠢᠷᠳᠡᠬᠦ ᠬᠦᠰᠡᠬᠦ︾ ᠠᠰᠠᠭᠤᠳᠠᠯ ᠤᠨ ᠲᠣᠭᠤᠷᠢᠨ ᠳᠤ᠂ ᠠᠷᠠᠳ ᠤᠨ ᠠᠮᠢᠳᠤᠷᠠᠯ ᠤᠨ 9 | ᠵᠦᠢᠯ ᠤᠨ ᠪᠣᠳᠠᠲᠠᠶ ᠶᠠᠪᠤᠳᠠᠯ ᠢ ᠲᠥᠪᠯᠡᠷᠡᠭᠦᠯᠦᠨ ᠡᠮᠬᠢᠯᠡᠨ ᠭᠠᠷᠭᠠᠵᠤ᠂ ᠵᠢᠯ ᠤᠨ ᠡᠴᠦᠰ ᠠᠴᠠ ᠡᠮᠦᠨ᠎ᠡ ᠪᠦᠬᠦᠨ ᠢ | ᠪᠡᠶᠡᠯᠡᠭᠦᠯᠦᠨ᠎ᠡ᠃ ᠨᠠᠮ ᠤᠨ ᠭᠡᠰᠢᠭᠦᠨ ᠺᠠᠳ᠋ᠷᠴᠤᠳ ᠤᠨ ︽ᠭᠤᠷᠪᠠ ᠤᠳᠠᠭ᠎ᠠ ᠶᠠᠪᠤᠬᠤ︾ ᠠᠵᠢᠯᠯᠠᠭ᠎ᠠ ᠶᠢ | ᠥᠷᠨᠢᠭᠦᠯᠵᠦ᠂ ᠳᠤᠯᠠᠭᠠᠯᠠᠭ᠎ᠠ᠂ ᠢᠳᠡᠬᠦ ᠤᠰᠤᠨ ᠤ ᠬᠦᠴᠢᠷᠳᠡᠯ᠂ ᠠᠳᠠᠯ ᠠᠬᠤᠶ ᠶᠢᠨ ᠬᠠᠮᠢᠶᠠᠷᠤᠯᠲᠠ ᠵᠡᠷᠭᠡ ᠳᠤ | ᠬᠤᠯᠪᠣᠭᠳᠠᠭᠰᠠᠨ 774 ᠠᠰᠠᠭᠤᠳᠠᠯ ᠢ ᠪᠠᠶᠢᠴᠠᠭᠠᠨ ᠭᠠᠷᠭᠠᠵᠤ᠂ 518 ᠠᠰᠠᠭᠤᠳᠠᠯ ᠢ ᠨᠢᠭᠡᠨᠲᠡ ᠰᠢᠢᠳᠪᠦᠷᠢᠯᠡᠪᠡ᠃ | ᠬᠡᠰᠡᠭ ᠬᠤᠷᠢᠶᠠᠯᠠᠯ ᠳᠤ ᠠᠳᠠᠯ ᠠᠬᠤᠶ ᠶᠢᠨ ᠦᠢᠯᠡᠴᠢᠯᠡᠭᠡ ᠥᠬᠡᠶ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ | ᠴᠢᠨᠠᠷ ᠳᠣᠤᠷ᠎ᠠ ᠪᠠᠶᠢᠬᠤ ᠠᠰᠠᠭᠤᠳᠠᠯ ᠳᠤ ᠴᠢᠭᠯᠡᠭᠦᠯᠦᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠭᠤᠤᠯ | ᠤᠳᠤᠷᠢᠳᠤᠯᠭ᠎ᠠ ᠰᠠᠨᠠᠭᠠᠴᠢᠯᠠᠭ᠎ᠠ ᠠᠴᠠ ᠪᠠᠨ ᠰᠡᠳᠦᠪ ᠠᠪᠴᠤ᠂ ᠨᠠᠮ ᠤᠨ ᠪᠠᠶᠢᠭᠤᠯᠤᠯᠲᠠ ᠪᠠᠷ ᠬᠥᠲᠥᠯᠦᠨ | ᠳᠠᠭᠠᠭᠤᠯᠬᠤ ᠶᠢ ᠪᠠᠷᠢᠮᠲᠠᠯᠠᠨ᠂ ︽ᠬᠤᠪᠢᠰᠬᠠᠯ ᠤᠨ ᠠᠳᠠᠯ ᠠᠬᠤᠶ︾ ︽ᠬᠤᠪᠢᠰᠬᠠᠯ ᠤᠨ ᠦᠮᠴᠢᠲᠡᠨ ᠤ ᠵᠥᠪᠯᠡᠯ︾ | ︽ᠬᠤᠷᠢᠶᠠᠯᠠᠯ ᠤᠨ ᠨᠠᠮ ᠤᠨ ᠪᠠᠶᠢᠭᠤᠯᠤᠯᠲᠠ︾ ᠵᠡᠷᠭᠡ ᠵᠠᠭᠪᠤᠷ ᠢ ᠰᠦᠪᠡᠭᠴᠢᠯᠡᠵᠦ ᠪᠠᠶᠢᠭᠠᠳ ᠬᠤᠷᠢᠶᠠᠯᠠᠯ ᠤᠨ ᠠᠳᠠᠯ | ᠠᠬᠤᠶ ᠶᠢᠨ ᠬᠠᠮᠢᠶᠠᠷᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠳᠠᠯ ᠠᠬᠤᠶ ᠶᠢᠨ ᠦᠢᠯᠡᠴᠢᠯᠡᠭᠡᠨ ᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠪᠡ᠃ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ | ᠰᠢᠢᠳᠪᠦᠷᠢᠯᠡᠬᠦ ᠠᠵᠢᠯ ᠢ ᠬᠦᠴᠦᠲᠡᠶ ᠠᠳᠬᠤᠵᠤ᠂ ᠭᠠᠵᠠᠷ ᠤᠨ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠭᠰᠠᠨ | ᠬᠡᠷᠡᠭ ᠤᠨ 73 ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ 46 ᠬᠤᠪᠢ ᠶᠢ ᠨᠢ ᠨᠢᠭᠡᠨᠲᠡ ᠰᠢᠢᠳᠪᠦᠷᠢᠯᠡᠪᠡ︔ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠠᠮᠲᠤᠷᠠᠭᠰᠠᠨ ᠠᠯᠪᠠᠨ ᠬᠡᠷ ᠤᠨ ᠭᠤᠷᠪᠠᠳᠤᠭᠠᠷ | ᠪᠦᠯᠦᠭ ᠤᠨ ᠲᠣᠰ ᠣᠷᠣᠨ ᠳᠤ ᠲᠤᠰᠢᠶᠠᠨ ᠰᠢᠢᠳᠪᠦᠷᠢᠯᠡᠭᠦᠯᠦᠭᠰᠡᠨ 28 ᠬᠤᠪᠢ᠂ ᠥᠪᠡᠷᠲᠡᠭᠡᠨ ᠵᠠᠰᠠᠬᠤ ᠣᠷᠣᠨ ᠤ | ︽ᠬᠦᠨᠳᠦ ᠶᠢ ᠵᠠᠰᠠᠵᠤ ᠬᠤᠷᠠᠮᠳᠤᠯ ᠢ ᠠᠷᠢᠯᠭᠠᠬᠤ︾ ᠲᠤᠰᠬᠠᠶ ᠠᠵᠢᠯ ᠤᠨ ᠲᠣᠰ ᠣᠷᠣᠨ ᠳᠤ ᠲᠤᠰᠢᠶᠠᠨ | ᠰᠢᠢᠳᠪᠦᠷᠢᠯᠡᠭᠦᠯᠦᠭᠰᠡᠨ 60 ᠬᠤᠪᠢ ᠪᠠ ᠮᠤᠵᠢ ᠶᠢᠨ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠭᠰᠠᠨ | ᠬᠡᠷᠡᠭ ᠤᠨ 3 ᠬᠤᠪᠢ ᠨᠢ ᠲᠣᠰ ᠣᠷᠣᠨ ᠳᠤ ᠬᠤᠯᠪᠣᠭᠳᠠᠵᠤ᠂ ᠨᠢᠭᠡᠨᠲᠡ ᠪᠦᠬᠦᠨ ᠢ ᠬᠢᠨᠠᠨ ᠬᠠᠷᠭᠤᠭᠤᠯᠵᠤ | ᠠᠷᠢᠯᠭᠠᠭᠰᠠᠨ ᠤ ᠬᠠᠮᠲᠤ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠣᠷᠣᠯᠠᠨ ᠭᠦᠢᠴᠡᠳᠭᠡᠬᠦ ᠬᠡᠪᠴᠢᠶᠡᠨ ᠳᠤ ᠣᠷᠣᠭᠤᠯᠤᠭᠰᠠᠨ ᠵᠠᠬᠢᠳᠠᠯ ᠰᠤᠷᠪᠤᠯᠵᠢᠯᠠᠭ᠎ᠠ ᠶᠢᠨ 917 | ᠵᠦᠢᠯᠡᠰ ᠢ ᠨᠢᠭᠡᠨᠲᠡ ᠭᠥᠯᠢᠶᠡᠨ ᠠᠪᠴᠤ ᠰᠢᠢᠳᠪᠦᠷᠢᠯᠡᠵᠦ᠂ 900 ᠬᠤᠪᠢ ᠶᠢ ᠨᠢ ᠨᠢᠭᠡᠨᠲᠡ ᠰᠢᠢᠳᠪᠦᠷᠢᠯᠡᠵᠦ᠂ | ᠰᠢᠢᠳᠪᠦᠷᠢᠯᠡᠭᠰᠡᠨ ᠨᠣᠷᠮ᠎ᠠ ᠨᠢ 98.1% ᠳᠤ ᠬᠥᠷᠪᠡ᠃ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ | |