ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ | ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠣᠷᠳᠣᠨ ᠢᠦᠶ ᠴᠢᠤᠸᠠᠨ ᠲᠣᠭᠤᠷᠢᠭ ᠤᠨ ᠪᠠᠷᠠᠭᠤᠨ | ᠨᠤᠭᠤᠭ᠎ᠠ ᠶᠢᠨ ᠬᠠᠰᠢᠶ᠎ᠠ ᠪᠠᠭ᠎ᠠ ᠰᠤᠷᠭᠠᠭᠤᠯᠢ ᠲᠠᠢ ᠬᠤᠯᠪᠣᠭᠠᠯᠠᠨ ᠬᠥᠳᠡᠯᠦᠯᠴᠡᠵᠦ᠂ ︽ᠬᠤᠭ ᠨᠣᠪᠰᠢ ᠶᠢ ᠲᠥᠷᠥᠯ | ᠬᠤᠪᠢᠶᠠᠵᠤ᠂ ᠴᠢ ᠪᠢᠳᠡ ᠬᠠᠮᠲᠤ ᠪᠠᠶᠢᠬᠤ︾ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠦᠢᠯᠡᠳᠦᠯᠭᠡ ᠶᠢᠨ | ᠠᠵᠢᠯᠯᠠᠭ᠎ᠠ ᠶᠢ ᠥᠷᠨᠢᠭᠦᠯᠪᠡ᠃ | | | | | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠬᠤᠭ ᠨᠣᠪᠰᠢ ᠶᠢ ᠲᠦᠷᠦᠯ ᠬᠤᠪᠢᠶᠠᠬᠤ ᠶᠢ ᠪᠠᠭ᠎ᠠ ᠨᠠᠭᠦᠷᠡᠰᠦᠳᠦ᠋ᠭᠴᠢᠲᠦ ᠠᠮᠢᠳᠤᠷᠠᠯ ᠤᠨ | ᠰᠢᠨ᠎ᠡ ᠤᠷᠤᠰᠬᠠᠯ ᠪᠣᠯᠭᠠᠬᠤ ᠶᠢ ᠠᠬᠢᠭᠤᠯᠬᠤ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠠᠮᠢᠳᠤᠷᠠᠯ ᠤᠨ | ᠬᠤᠭ ᠨᠣᠪᠰᠢ ᠶᠢ ᠲᠦᠷᠦᠯ ᠬᠤᠪᠢᠶᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠤ ᠬᠢᠨ ︽ᠭᠠᠷ | ᠭᠠᠷ ᠢᠶᠠᠨ ᠬᠤᠯᠪᠣᠯᠴᠠᠬᠤ︾ ᠬᠡᠯᠪᠡᠷᠢ ᠪᠠᠷ ᠪᠠᠭᠠᠴᠤᠳ ᠬᠡᠦᠬᠡᠳ ᠤᠨ ᠬᠦᠴᠦᠨ ᠢᠶᠠᠷ ᠬᠤᠭ ᠨᠣᠪᠰᠢ ᠶᠢ ᠲᠦᠷᠦᠯ | ᠬᠤᠪᠢᠶᠠᠬᠤ ᠤᠬᠠᠮᠰᠠᠷ ᠢ ᠬᠡᠷ ᠪᠦᠯᠢ ᠪᠣᠯᠭᠠᠨ ᠳᠤ ᠭᠦᠨᠵᠡᠭᠡᠶᠢᠷᠡᠭᠦᠯᠬᠦ ᠶᠢ ᠠᠬᠢᠭᠤᠯᠵᠤ᠂ ᠨᠡᠶᠢᠭᠡᠮ ᠳᠠᠶᠠᠭᠠᠷ ᠢᠶᠠᠨ | ᠨᠡᠶᠢᠭᠡᠮ ᠨᠡᠶᠢᠲᠡ ᠶᠢᠨ ᠶᠣᠰᠣ ᠮᠣᠷᠠᠯ ᠢ ᠡᠷᠬᠢᠮᠯᠡᠬᠦ᠂ ᠪᠣᠯᠪᠠᠰᠤᠨ ᠰᠠᠶᠢᠬᠠᠨ ᠶᠣᠰᠣ ᠮᠣᠷᠠᠯ ᠢ ᠦᠢᠯᠡᠳᠦᠯᠭᠡᠵᠢᠭᠦᠯᠬᠦ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | | | | | ᠠᠵᠢᠯᠯᠠᠭ᠎ᠠ ᠶᠢᠨ ᠳᠤᠮᠳᠠ᠂ ᠤᠬᠠᠭᠤᠯᠤᠭᠴᠢ ᠤᠷᠢᠳᠠᠪᠠᠷ ᠰᠤᠷᠤᠭᠴᠢᠳ ᠢ ᠳᠠᠭᠠᠭᠤᠯᠤᠨ ᠢᠦᠶ ᠴᠢᠤᠸᠠᠨ | ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ | ᠣᠷᠳᠣᠨ ᠢ ᠲᠣᠭᠤᠷᠢᠨ ᠦᠵᠡᠵᠦ᠂ ᠰᠤᠷᠤᠭᠴᠢᠳ ᠲᠤ ︽ᠬᠤᠭ ᠨᠣᠪᠰᠢ ᠶᠢ ᠲᠥᠷᠥᠯ ᠬᠤᠪᠢᠶᠠᠬᠤ ᠪᠣᠯ ᠳᠠᠷᠤᠶ | ᠰᠢᠨ᠎ᠡ ᠤᠷᠤᠰᠬᠠᠯ ᠮᠥᠨ︾ ᠭᠡᠬᠦ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠣᠷᠳᠣᠨ ᠤ ᠭᠤᠤᠯ ᠰᠡᠳᠦᠪ | ᠵᠢᠴᠢ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠥᠬᠡᠶ᠂ ᠨᠡᠭᠡᠭᠡᠯᠲᠡᠲᠡᠶ᠂ ᠬᠠᠮᠲᠤ ᠪᠠᠷ ᠡᠳ᠋ᠯᠡᠬᠦ ᠭᠤᠤᠯᠯᠠᠬᠤ | ᠣᠶᠢᠯᠠᠭᠠᠭᠳᠠᠬᠤᠨ ᠢ ᠳᠠᠮᠵᠢᠭᠤᠯᠵᠠᠶ᠃ ᠠᠮᠢᠳᠤᠯᠢᠭ ᠢᠶᠠᠷ ᠲᠠᠶᠢᠯᠪᠤᠷᠢᠯᠠᠬᠤ ᠪᠠᠷ ᠳᠠᠮᠵᠢᠨ᠂ ᠰᠤᠷᠤᠭᠴᠢᠳ ᠣᠷᠴᠢᠨ | ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠬᠤ ᠶᠢ | ᠣᠶᠢᠯᠠᠭᠠᠬᠤ ᠶᠢᠨ ᠬᠠᠮᠲᠤ ᠬᠤᠭ ᠨᠣᠪᠰᠢ ᠶᠢ ᠲᠦᠷᠦᠯ ᠬᠤᠪᠢᠶᠠᠨ ᠬᠠᠶᠠᠬᠤ᠂ ᠴᠤᠭᠯᠠᠭᠤᠯᠬᠤ᠂ ᠵᠥᠭᠡᠭᠡᠪᠦᠷᠢᠯᠡᠬᠦ᠂ | ᠰᠢᠢᠳᠪᠦᠷᠢᠯᠡᠬᠦ ᠢᠵᠢ ᠪᠦᠷᠢᠨ ᠲᠦᠷᠦᠯ ᠬᠤᠪᠢᠶᠠᠬᠤ ᠶᠠᠪᠤᠴᠠ ᠵᠡᠷᠭᠡ ᠮᠡᠳᠡᠯᠭᠡ ᠶᠢ ᠰᠤᠷᠤᠯᠴᠠᠪᠠ᠃ | | | | | | | | ᠲᠠᠶᠢᠯᠤᠮᠵᠢ ᠳᠠᠭᠤᠰᠤᠭᠰᠠᠨ ᠤ ᠳᠠᠷᠠᠭ᠎ᠠ ᠤᠬᠠᠭᠤᠯᠤᠨ ᠬᠥᠮᠦᠵᠢᠭᠦᠯᠦᠭᠴᠢ ᠠᠴᠠ ᠰᠤᠷᠤᠭᠴᠢᠳ ᠪᠣᠯᠤᠨ | ᠪᠠᠭᠰᠢ ᠨᠠᠷ ᠢ ᠳᠠᠭᠠᠭᠤᠯᠤᠨ ᠬᠤᠭᠤᠰᠣᠨ ᠤᠮᠳᠠᠭᠠᠨ ᠤ ᠯᠣᠩᠬᠤ᠂ ᠬᠠᠶᠠᠭᠳᠠᠮᠠᠯ ᠬᠠᠭᠤᠴᠢᠨ ᠵᠠᠷ ᠤᠨ ᠬᠠᠭᠤᠳᠠᠰᠤ | ᠵᠡᠷᠭᠡ ᠮᠠᠲ᠋ᠧᠷᠢᠶᠠᠯ ᠢᠶᠠᠷ ᠣᠷᠴᠢᠨ ᠲᠤᠭᠤᠷᠢᠨ ᠢ ᠬᠠᠮᠠᠭᠠᠯᠠᠬᠤ ᠭᠠᠷ ᠤᠷᠠᠯᠠᠯ ᠢ ᠬᠢᠪᠡ᠃ ᠰᠤᠷᠤᠭᠴᠢᠳ ᠤᠨ ᠭᠠᠷ | ᠬᠥᠳᠡᠯᠬᠦ ᠴᠢᠳᠠᠪᠤᠷᠢ ᠪᠠ ᠡᠭᠦᠳᠦᠨ ᠪᠦᠲᠦᠭᠡᠬᠦ ᠴᠢᠳᠠᠪᠤᠷᠢ ᠶᠢ ᠳᠠᠪᠲᠠᠨ ᠪᠣᠯᠪᠠᠰᠤᠷᠠᠭᠤᠯᠬᠤ ᠶᠢᠨ ᠬᠠᠮᠲᠤ ᠬᠤᠭ | ᠨᠣᠪᠰᠢ ᠶᠢ ᠳᠠᠬᠢᠨ ᠠᠰᠢᠭᠯᠠᠬᠤ ᠶᠢᠨ ᠴᠢᠬᠤᠯᠠ ᠴᠢᠨᠠᠷ ᠢ ᠭᠦᠨᠵᠡᠭᠡᠶ ᠮᠡᠳᠡᠷᠡᠭᠦᠯᠵᠦ᠂ ᠣᠷᠴᠢᠨ ᠲᠤᠭᠤᠷᠢᠨ ᠢ | ᠬᠠᠮᠠᠭᠠᠯᠠᠬᠤ ᠠᠵᠢᠯᠯᠠᠭ᠎ᠠ ᠶᠢᠨ ᠳᠥᠭᠦᠮ ᠳᠥᠲᠡ ᠪᠠ ᠪᠣᠯᠤᠮᠵᠢᠲᠤ ᠴᠢᠨᠠᠷ ᠢ ᠣᠶᠢᠯᠠᠭᠠᠭᠤᠯᠵᠤ ᠴᠢᠳᠠᠨ᠎ᠠ᠃ | | | | | ᠲᠣᠰ ᠤᠳᠠᠭᠠᠨ ᠤ ᠬᠤᠭ ᠨᠣᠪᠰᠢ ᠶᠢ ᠲᠥᠷᠥᠯ ᠬᠤᠪᠢᠶᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠬᠤᠭ ᠨᠣᠪᠰᠢ ᠶᠢ ᠲᠥᠷᠥᠯ ᠬᠤᠪᠢᠶᠠᠬᠤ ᠶᠢᠨ ᠠᠴᠢ ᠬᠤᠯᠪᠣᠭᠳᠠᠯ ᠢ | ᠨᠠᠩ ᠭᠦᠨᠵᠡᠭᠡᠶ ᠣᠶᠢᠯᠠᠭᠠᠪᠠ︔ ᠡᠭᠦᠨ ᠤ ᠵᠡᠷᠭᠡ ᠳᠤ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ | ᠬᠠᠵᠠᠭᠤ ᠠᠴᠠ ᠨᠢ ᠡᠬᠢᠯᠡᠨ ᠬᠢᠵᠦ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠠᠮᠢᠳᠤᠷᠠᠯ ᠤᠨ ᠬᠤᠭ | ᠨᠣᠪᠰᠢ ᠶᠢ ᠤᠬᠠᠮᠰᠠᠷ ᠠᠴᠠ ᠪᠠᠨ ᠲᠥᠷᠥᠯ ᠬᠤᠪᠢᠶᠠᠬᠤ ᠬᠡᠷᠡᠭᠲᠡᠶ︔ ᠬᠤᠭ ᠨᠣᠪᠰᠢ ᠶᠢ ᠲᠦᠷᠦᠯ ᠬᠤᠪᠢᠶᠠᠬᠤ | ᠤᠬᠠᠮᠰᠠᠷ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ᠂ ᠦᠷᠭᠦᠯᠵᠢᠯᠡᠬᠦ ᠬᠥᠭᠵᠢᠯᠲᠡ ᠶᠢᠨ ᠤᠬᠠᠮᠰᠠᠷ ᠢ | ᠠᠯᠬᠤᠮ ᠠᠯᠬᠤᠮ ᠢᠶᠠᠷ ᠪᠦᠷᠢᠯᠳᠦᠭᠦᠯᠬᠦ ᠬᠡᠷᠡᠭᠲᠡᠢ︔ ᠡᠬᠢ ᠪᠠᠶᠠᠯᠢᠭ ᠢ ᠨᠠᠨᠳᠢᠩᠨᠠᠬᠤ᠂ ᠡᠨᠧᠷᠭᠢ ᠶᠢ ᠠᠷᠪᠢᠯᠠᠬᠤ | ᠰᠠᠶᠢᠨ ᠳᠠᠳᠬᠠᠯ ᠢ ᠪᠤᠢ ᠪᠣᠯᠭᠠᠬᠤ ᠬᠡᠷᠡᠭᠲᠡᠶ᠃ ᠡᠭᠦᠨ ᠤ ᠬᠠᠮᠲᠤ ᠰᠤᠷᠤᠭᠴᠢᠳ ᠤᠨ ᠳᠠᠳᠬᠠᠯ ᠪᠠ ᠦᠵᠡᠯ | ᠤᠬᠠᠮᠰᠠᠷ ᠢ ᠳᠡᠯᠭᠡᠷᠡᠭᠦᠯᠵᠦ᠂ ᠬᠡᠷ ᠪᠦᠯᠢ ᠶᠢᠨ ᠪᠦᠷᠢᠯᠳᠦᠬᠦᠨ ᠨᠢᠭᠡᠪᠦᠷᠢ ᠶᠢ ᠳᠠᠶᠢᠴᠢᠯᠠᠨ᠂ ᠰᠠᠭᠤᠭᠠᠯᠢ ᠠᠷᠠᠳ ᠤᠨ | ᠬᠤᠭ ᠨᠣᠪᠰᠢ ᠶᠢ ᠲᠥᠷᠥᠯ ᠬᠤᠪᠢᠶᠠᠬᠤ ᠳᠤ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠵᠦ᠂ ᠬᠤᠭ ᠨᠣᠪᠰᠢ ᠶᠢ | ᠲᠥᠷᠥᠯ ᠬᠤᠪᠢᠶᠠᠬᠤ ᠶᠢ ᠨᠡᠶᠢᠭᠡᠮᠴᠢᠯᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ | | | | | ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠬᠢᠨ ᠤᠯᠠᠨ ᠶᠠᠩᠵᠤ ᠶᠢᠨ ᠬᠡᠯᠪᠡᠷᠢ ᠲᠠᠢ᠂ | ᠡᠯᠪᠡᠭ ᠪᠠᠶᠠᠯᠢᠭ ᠠᠭᠤᠯᠭ᠎ᠠ ᠲᠠᠢ ᠤᠬᠠᠭᠤᠯᠤᠨ ᠣᠶᠢᠯᠠᠭᠠᠬᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ | ᠥᠷᠨᠢᠭᠦᠯᠵᠦ᠂ ᠬᠤᠭ ᠨᠣᠪᠰᠢ ᠶᠢ ᠲᠦᠷᠦᠯ ᠬᠤᠪᠢᠶᠠᠬᠤ ᠳᠤ ᠪᠦᠬᠦ ᠠᠷᠠᠳ ᠢᠶᠠᠷ ᠢᠶᠠᠨ ᠣᠷᠣᠯᠴᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠨᠡᠩ ᠤᠯᠠᠨ ᠰᠠᠭᠤᠭᠠᠯᠢ ᠠᠷᠠᠳ ᠢ ᠬᠤᠭ ᠨᠣᠪᠰᠢ ᠶᠢ ᠲᠦᠷᠦᠯ | ᠬᠤᠪᠢᠶᠠᠬᠤ ᠳᠤ ᠣᠷᠣᠯᠴᠠᠭᠴᠢ᠂ ᠤᠯᠠᠮᠵᠢᠯᠠᠭᠴᠢ ᠪᠠ ᠦᠢᠯᠡᠳᠦᠯᠭᠡᠵᠢᠭᠦᠯᠦᠭᠴᠢ ᠪᠣᠯᠭᠠᠵᠤ᠂ ᠦᠵᠡᠰᠬᠦᠯᠡᠩᠲᠦ | ᠰᠠᠶᠢᠬᠠᠨ ᠢᠦᠢ ᠴᠢᠤᠸᠠᠨ ᠢ ᠬᠠᠮᠲᠤᠪᠠᠷ ᠪᠦᠳᠦᠭᠡᠨ ᠪᠠᠶᠢᠭᠤᠯᠤᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |