ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠢᠦᠶ | ᠴᠢᠤᠸᠠᠨ ᠲᠣᠭᠤᠷᠢᠭ ᠤᠨ ᠬᠢᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ | ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ | ᠤᠯᠠᠨ ᠲᠦᠮᠡᠨ ᠪᠠ ᠠᠵᠤ ᠠᠬᠤᠶᠢᠯᠠᠯ ᠤᠨ ᠠᠩᠬᠠᠷᠴᠤ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠪᠠᠶᠢᠳᠠᠯ ᠢ | ᠣᠶᠢᠯᠠᠭᠠᠵᠤ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠢᠳᠡᠪᠬᠢᠲᠡᠢ ᠪᠠᠷ ᠰᠤᠷᠲᠠᠯ ᠢᠶᠠᠨ ᠰᠠᠶᠢᠵᠢᠷᠠᠭᠤᠯᠵᠤ᠂ | ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠰᠠᠭᠤᠳᠠᠯ ᠢ ᠰᠢᠢᠳᠪᠦᠷᠢᠯᠡᠵᠦ᠂ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯ ᠰᠡᠳᠦᠪᠲᠦ ᠬᠥᠮᠦᠵᠢᠯ ᠤᠨ | ᠰᠤᠷᠤᠯᠴᠠᠭᠰᠠᠨ ᠦᠷ᠎ᠡ ᠪᠦᠲᠦᠭᠡᠯ ᠢ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢᠨ ᠠᠮᠢᠳᠤᠯᠢᠭ | ᠦᠢᠯᠡᠳᠦᠯᠭᠡ ᠪᠣᠯᠭᠠᠨ ᠬᠤᠪᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ | ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ | ᠠᠬᠢᠭᠤᠯᠪᠠ᠃ | | | | | ᠥᠭᠡᠷᠡᠴᠢᠯᠡᠯᠲᠡ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ︽ᠲᠦᠷᠭᠡᠨ ᠵᠠᠮ︾ ᠳᠤ ᠣᠷᠣᠭᠤᠯᠪᠠ᠃ ᠢᠦᠶ ᠴᠢᠤᠸᠠᠨ ᠲᠣᠭᠤᠷᠢᠭ ᠲᠤ ᠶᠡᠷᠦᠩᠬᠡᠶᠢᠯᠡᠭᠰᠡᠨ | ᠴᠤᠩᠬᠤᠪᠴᠢ ᠶᠢᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠠᠴᠠ ᠨᠠᠭᠠᠰᠢ᠂ ︽ᠶᠡᠷᠦᠩᠬᠡᠶᠢᠯᠡᠭᠰᠡᠨ | ᠴᠤᠩᠬᠤᠪᠴᠢ ᠶᠢᠨ ᠭᠥᠯᠢᠶᠡᠨ ᠠᠪᠴᠤ ᠰᠢᠢᠳᠪᠦᠷᠢᠯᠡᠬᠦ︾ ᠶᠢ 13 ᠨᠢᠭᠡᠴᠢ᠂ 353 ᠵᠦᠢᠯ ᠳᠤ ᠣᠷᠣᠭᠤᠯᠵᠠᠶ᠃ | ᠤᠴᠢᠷ ᠶᠠᠪᠤᠳᠠᠯ ᠭᠦᠢᠴᠡᠳᠭᠡᠬᠦ ᠣᠯᠠᠨ ᠲᠦᠮᠡᠨ ᠭᠡᠨᠡᠳᠲᠡ ᠨᠡᠮᠡᠭᠳᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ︽ | ᠲᠦᠯᠬᠢᠯᠲᠡ ᠲᠠᠲᠠᠷᠠᠯᠲᠠ ᠶᠢᠨ ᠴᠤᠩᠬᠤᠪᠴᠢ︾ ᠲᠤᠬᠢᠷᠠᠭᠤᠯᠵᠤ᠂ ᠴᠤᠩᠬᠤᠪᠴᠢ ᠪᠠ ᠠᠵᠢᠯᠲᠠᠨ ᠢ ᠲᠦᠷ ᠴᠠᠭ | ᠨᠡᠮᠡᠨ ᠲᠣᠬᠢᠷᠠᠭᠤᠯᠵᠤ᠂ ᠤᠴᠢᠷ ᠶᠠᠪᠤᠳᠠᠯ ᠭᠦᠢᠴᠡᠳᠭᠡᠬᠦ ᠣᠯᠠᠨ ᠲᠦᠮᠡᠨ ᠢ ᠰᠠᠯᠭᠠᠨ ᠲᠣᠬᠢᠷᠠᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ︽1+1>2︾ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ︽ | ᠬᠤᠷᠳᠤᠳᠬᠠᠬᠤ ᠳᠠᠷᠤᠪᠴᠢ︾ ᠶᠢ ᠳᠠᠷᠤᠪᠠ︔ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠦᠢᠯᠡᠴᠢᠯᠡᠭᠡᠨ ᠤ | ᠴᠤᠩᠬᠤᠪᠴᠢ ᠲᠤᠬᠢᠷᠠᠭᠤᠯᠵᠤ᠂ 16 ᠮᠤᠵᠢ᠂ 46 ᠰᠢᠶᠠᠨ ︵ᠲᠣᠭᠤᠷᠢᠭ︶ ᠲᠠᠢ ᠵᠠᠰᠠᠭ ᠤᠨ ᠶᠠᠪᠤᠳᠠᠯ ᠤᠨ | ᠲᠠᠯ᠎ᠠ ᠪᠠᠷ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠤᠯᠠᠨ ᠲᠦᠮᠡᠨ ᠳᠤ ᠣᠨᠳᠣᠣ | ᠭᠠᠵᠠᠷ ᠲᠤ ᠠᠵᠢᠯ ᠶᠠᠪᠤᠳᠠᠯ ᠭᠦᠢᠴᠡᠳᠭᠡᠬᠦ ᠦᠢᠯᠡᠴᠢᠯᠡᠭᠡ ᠬᠠᠩᠭᠠᠪᠠ᠃ ᠣᠲᠣ ᠪᠣᠯᠲᠠᠯ᠎ᠠ᠂ ᠶᠡᠷᠦᠩᠬᠡᠶᠢᠯᠡᠭᠰᠡᠨ | ᠴᠤᠩᠬᠤᠪᠴᠢ ᠳᠤ ᠨᠡᠶᠢᠲᠡ 2934 ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠢ ᠭᠥᠯᠢᠶᠡᠨ ᠠᠪᠴᠤ᠂ ᠨᠡᠶᠢᠲᠡ | 2902 ᠵᠦᠢᠯ ᠤᠨ ᠦᠨᠡᠮᠯᠡᠯ ᠭᠠᠷᠭᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 100% ᠳᠤ ᠬᠦᠷᠴᠦ᠂ | ᠠᠰᠠᠭᠤᠨ ᠯᠠᠪᠯᠠᠭᠰᠠᠨ ᠪᠥᠬᠦ ᠲᠤᠭ᠎ᠠ ᠨᠢ 9521 ᠬᠥᠮᠦᠨ ᠤᠳᠠᠭ᠎ᠠ ᠳᠤ ᠬᠦᠷᠴᠡᠶ᠃ | | | | | ᠤᠴᠢᠷ ᠶᠠᠪᠤᠳᠠᠯ ᠭᠦᠢᠴᠡᠳᠭᠡᠬᠦ ᠶᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ︽ᠰᠢᠨ᠎ᠡ ᠬᠤᠷᠳᠤᠴᠠ︾ ᠲᠠᠢ ᠪᠣᠯᠭᠠᠪᠠ᠃ ᠢᠦᠶ ᠴᠢᠤᠸᠠᠨ ᠲᠣᠭᠤᠷᠢᠭ ᠤᠨ ᠬᠢᠨ ︽ᠡᠭᠦᠷᠭᠡ | ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠵᠦ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ︾ ᠲᠤᠰᠬᠠᠶ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ | ᠪᠦᠲᠦᠮᠵᠢᠲᠡᠶ ᠪᠠᠭᠤᠷᠠᠭᠤᠯᠤᠨ᠂ ᠬᠢᠨᠠᠨ ᠵᠥᠪᠰᠢᠶᠡᠷᠡᠬᠦ ᠴᠤᠪᠤᠷᠠᠯ ᠢᠶᠠᠷ ᠴᠥᠭᠡᠨ᠂ ᠠᠵᠢᠯ ᠤᠨ ᠦᠷ᠎ᠡ ᠪᠦᠲᠦᠮᠵᠢ ᠪᠠᠷ | ᠥᠨᠳᠥᠷ᠂ ᠦᠢᠯᠡᠴᠢᠯᠡᠭᠡᠨ ᠤ ᠬᠢᠷᠢ ᠲᠦᠪᠰᠢᠨ ᠢᠶᠠᠷ ᠰᠢᠯᠢᠳᠡᠭ ᠡᠵᠡᠩᠨᠡᠯᠲᠡ ᠶᠢᠨ ᠣᠷᠴᠢᠨ ᠨᠦᠬᠦᠴᠡᠯ ᠢ ᠪᠣᠶ | ᠪᠣᠯᠭᠠᠪᠠ᠃ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠳᠣᠷᠣᠭᠰᠢ ᠪᠠᠭᠤᠯᠭᠠᠬᠤ ᠵᠦᠢᠯᠡᠰ ᠢ ᠳᠠᠭᠠᠭᠠᠨ | ᠠᠪᠬᠤ ᠠᠵᠢᠯ ᠢᠶᠠᠷ ᠳᠠᠮᠵᠢᠭᠤᠯᠤᠨ᠂ ᠲᠤᠭᠤᠷᠢᠭ ᠤᠨ ᠱᠠᠲᠤᠨ ᠤ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠢ ᠰᠢᠨ᠎ᠡ ᠪᠠᠷ ᠨᠡᠮᠡᠬᠦ᠂ ᠬᠦᠴᠦᠨ ᠥᠬᠡᠶ ᠪᠣᠯᠭᠠᠬᠤ᠂ ᠳᠣᠭᠢᠷᠠᠭᠤᠯᠬᠤ᠂ ᠳᠣᠷᠣᠭᠰᠢ ᠪᠠᠭᠤᠯᠭᠠᠬᠤ | ᠠᠵᠢᠯ ᠢ ᠲᠥᠷᠥᠯ ᠬᠤᠪᠢᠶᠠᠨ ᠰᠠᠶᠢᠲᠤᠷ ᠨᠠᠶᠢᠳᠠᠪᠤᠷᠢᠵᠢᠭᠤᠯᠵᠤ᠂ ᠣᠲᠣ ᠪᠣᠯᠲᠠᠯ᠎ᠠ᠂ 8 ᠵᠦᠢᠯ ᠤᠨ ᠬᠢᠨᠠᠨ | ᠵᠥᠪᠰᠢᠶᠡᠷᠡᠯ ᠢ ᠰᠢᠭᠤᠳ ᠬᠦᠴᠦᠨ ᠥᠬᠡᠶ ᠪᠣᠯᠭᠠᠬᠤ᠂ 5 ᠵᠦᠢᠯ ᠤᠨ ᠬᠢᠨᠠᠨ ᠵᠥᠪᠰᠢᠶᠡᠷᠡᠯ ᠢ ᠥᠭᠡᠷᠡᠴᠢᠯᠡᠨ | ᠳᠠᠩᠰᠠᠯᠠᠬᠤ᠂ 14 ᠵᠦᠢᠯ ᠤᠨ ᠠᠮᠠᠯᠠᠯᠲᠠ ᠶᠢ ᠮᠡᠳᠡᠭᠳᠡᠬᠦ᠂ 49 ᠵᠦᠢᠯ ᠤᠨ ᠬᠢᠨᠠᠨ ᠵᠥᠪᠰᠢᠶᠡᠷᠡᠯ ᠢ | ᠰᠢᠯᠢᠳᠡᠭᠵᠢᠭᠦᠯᠬᠦ᠂ ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ ᠪᠠᠷ ᠳᠡᠮᠵᠢᠨ ᠨᠡᠶᠢᠲᠡ 406 ᠵᠦᠢᠯ ᠤᠨ | ᠵᠦᠢᠯᠡᠰ ᠢ ᠰᠢᠯᠢᠳᠡᠭᠵᠢᠭᠦᠯᠪᠡ᠃ | | | | | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ | ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠲᠥᠬᠦᠮ ᠦᠵᠡᠭᠦᠯᠬᠦ ︽ᠰᠢᠨ᠎ᠡ ᠬᠠᠭᠤᠳᠠᠰᠤ︾ ᠶᠢ | ᠨᠡᠭᠡᠭᠡᠪᠡ᠃ ᠢᠦᠢ ᠴᠢᠤᠸᠠᠨ ᠲᠣᠭᠤᠷᠢᠭ ᠤᠨ ᠬᠢᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢ ᠲᠡᠰ ᠳᠡᠪᠰᠢᠭᠦᠯᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ | ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠲᠡᠷᠢᠭᠦᠨ ᠤ ᠵᠥᠭᠡᠯᠡᠨ ᠣᠷᠴᠢᠨ ᠨᠦᠬᠦᠴᠡᠯ ᠢ ᠪᠤᠢ ᠪᠣᠯᠭᠠᠵᠤ ᠥᠭᠴᠡᠢ᠃ ︽ᠮᠦᠩᠭᠡ ᠰᠤᠪᠠᠭ · ᠨᠢᠭᠡ | ᠰᠦᠯᠵᠢᠶᠡᠨ ᠢᠶᠠᠷ ᠬᠦᠢᠴᠡᠳᠬᠡᠬᠦ︾ ᠳᠤ 1036 ᠵᠦᠢᠯ ᠤᠨ ᠦᠢᠯᠡᠴᠢᠯᠡᠭᠡᠨ ᠤ ᠵᠦᠢᠯᠡᠰ ᠢ ᠨᠡᠶᠢᠲᠡᠯᠡᠵᠦ᠂ | ᠰᠦᠯᠵᠢᠶᠡᠨ ᠳᠡᠭᠡᠷ᠎ᠡ ᠭᠦᠢᠴᠡᠳᠭᠡᠬᠦ ᠨᠣᠷᠮ᠎ᠠ 99.81% ᠳᠤ ᠬᠦᠷᠴᠦ᠂ ᠠᠮᠠᠯᠠᠯᠲᠠ ᠶᠢᠨ ᠬᠡᠷᠡᠭ ᠤᠨ ᠬᠢᠵᠠᠭᠠᠷ ᠤᠨ | ᠬᠠᠷᠢᠴᠠᠯ ᠤᠨ ᠨᠣᠷᠮ᠎ᠠ ᠶᠢ 71.14% ᠪᠠᠷ ᠪᠠᠭᠠᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ᠂ ᠭᠦᠢᠴᠡᠳᠭᠡᠬᠦ ᠳᠤ ᠬᠢᠯᠪᠠᠷ᠂ ᠭᠦᠢᠴᠡᠳᠭᠡᠬᠦ ᠳᠤ ᠠᠮᠠᠷᠬᠠᠨ | ᠪᠣᠯᠭᠠᠬᠤ ᠶᠢ ᠪᠡᠶᠡᠯᠡᠭᠦᠯᠪᠡ︔ ︽ᠮᠦᠩᠭᠡ ᠰᠤᠪᠠᠭ · ᠨᠢᠭᠡ ᠤᠳᠠᠭ᠎ᠠ ᠳᠤ ᠭᠦᠢᠴᠡᠳᠬᠡᠬᠦ︾ ᠳᠤ 110 ᠵᠦᠢᠯ ᠤᠨ | ᠨᠢᠭᠡ ᠤᠳᠠᠭ᠎ᠠ ᠳᠤ ᠭᠦᠢᠴᠡᠳᠬᠡᠬᠦ ᠵᠦᠢᠯᠡᠰ᠂ 16 ᠵᠦᠢᠯ ᠤᠨ ᠳᠤᠲᠠᠭᠤ ᠶᠢ ᠪᠠᠭᠲᠠᠭᠠᠨ ᠭᠥᠯᠢᠶᠡᠨ ᠠᠪᠴᠤ ᠨᠢᠭᠡ | ᠤᠳᠠᠭ᠎ᠠ ᠳᠤ ᠰᠢᠢᠳᠪᠦᠷᠢᠯᠡᠬᠦ ᠵᠦᠢᠯᠡᠰ᠂ 72 ᠬᠤᠪᠢ ︽ᠨᠢᠭᠡ ᠬᠠᠭᠤᠳᠠᠰᠤ ᠬᠦᠰᠦᠨᠦᠭᠲᠦ ᠶᠢᠨ ᠬᠠᠭᠤᠳᠠᠰᠤ︾ ᠶᠢ | ᠲᠣᠭᠲᠠᠭᠠᠬᠤ ᠶᠢᠨ ᠬᠠᠮᠲᠤ᠂ ᠰᠦᠯᠵᠢᠶᠡᠨ ᠳᠡᠭᠡᠷᠡᠬᠢ ᠮᠠᠲ᠋ᠧᠷᠢᠶᠠᠯ ᠭᠤᠶᠤᠴᠢᠯᠠᠨ ᠮᠡᠳᠡᠭᠦᠯᠬᠦ ᠲᠤᠰᠬᠠᠶ ᠣᠷᠣᠨ ᠪᠠ | ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠬᠠᠪᠰᠤᠷᠤᠨ ᠵᠢᠯᠣᠭᠤᠳᠬᠤ ᠣᠷᠣᠨ ᠤ ᠨᠢᠭᠡ ᠳᠤ ᠨᠢᠭᠡ ᠶᠢᠨ ᠨᠠᠷᠢᠯᠢᠭ | ᠣᠨᠣᠴᠠᠲᠠᠶ ᠪᠠᠷ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡ ᠶᠢ ᠲᠡᠭᠦᠯᠳᠡᠷᠵᠢᠭᠦᠯᠵᠦ᠂ 77 | ᠭᠤᠤᠯ ᠰᠡᠳᠦᠪᠲᠦ ᠢᠵᠢ ᠦᠢᠯᠡᠴᠢᠯᠡᠭᠡ ᠶᠢ ᠡᠮᠬᠢᠯᠡᠨ ᠪᠦᠷᠢᠯᠳᠦᠭᠦᠯᠵᠦ᠂ ︽ᠥᠨᠳᠥᠷ ᠲᠠᠪᠳᠠᠮᠵᠢᠳᠤ ᠵᠦᠢᠯᠡᠰ ᠢ | ᠬᠠᠮᠲᠤ ᠳᠤᠨᠢ ᠬᠠᠮᠲᠤᠷᠠᠨ ᠭᠦᠢᠴᠡᠳᠭᠡᠬᠦ᠂ ᠬᠤᠯᠪᠣᠭᠳᠠᠬᠤ ᠵᠦᠢᠯᠡᠰ ᠢ ᠬᠠᠮᠲᠤ ᠳᠤᠨᠢ ᠳᠠᠭᠠᠭᠠᠨ ᠭᠦᠢᠴᠡᠳᠭᠡᠬᠦ︾ | ᠵᠠᠭᠪᠤᠷ ᠢ ᠬᠡᠷᠡᠭᠯᠡᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠲᠥᠬᠦᠮ | ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠪᠡ︔ ︽ᠮᠦᠩᠭᠡ ᠰᠤᠪᠠᠭ · ᠲᠠᠨ ᠢ ᠬᠠᠪᠰᠤᠷᠤᠨ ᠭᠦᠢᠴᠡᠳᠭᠡᠬᠦ︾ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠤᠰᠬᠠᠶ ᠣᠷᠣᠨ | ᠭᠠᠷᠭᠠᠵᠤ᠂ 60 ᠵᠦᠢᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠵᠦᠢᠯᠡᠰ ᠵᠢᠴᠢ ᠨᠢᠭᠡ ᠯᠡ ᠤᠳᠠᠭ᠎ᠠ ᠶᠢᠨ ᠴᠢᠨᠠᠷᠲᠠᠶ ᠮᠡᠳᠡᠭᠳᠡᠬᠦ ᠬᠠᠭᠤᠳᠠᠰᠤ ᠶᠢ ᠬᠡᠷᠡᠭᠵᠢᠭᠦᠯᠵᠦ᠂ | ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠠᠵᠢᠯᠲᠠᠨ ᠭᠤᠶᠤᠴᠢᠯᠠᠭᠴᠢ ᠶᠢᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ᠂ ᠭᠤᠭᠴᠤᠭ᠎ᠠ᠂ ᠱᠠᠲᠤ ᠬᠤᠪᠢᠶᠠᠨ ᠠᠵᠤ ᠠᠬᠤᠶᠢᠯᠠᠯ ᠤᠨ ᠴᠢᠬᠤᠯᠠ ᠶᠡᠭᠡ ᠲᠥᠷᠥᠯ ᠵᠦᠢᠯ ᠤᠨ | ᠪᠠᠯᠠ ᠣᠷᠣᠭᠤᠯᠤᠯᠲᠠ ᠪᠠ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ | ᠵᠥᠪᠯᠡᠯᠭᠡ ᠥᠭᠬᠦ᠂ ᠵᠣᠬᠢᠴᠠᠭᠤᠯᠤᠨ ᠠᠬᠢᠭᠤᠯᠬᠤ᠂ ᠬᠡᠰᠡᠭ ᠪᠤᠶᠤ ᠪᠥᠬᠦ ᠶᠠᠪᠤᠴᠠ ᠳᠤ ᠣᠷᠣᠯᠠᠨ ᠭᠦᠢᠴᠡᠳᠭᠡᠬᠦ | ᠬᠠᠪᠰᠤᠷᠤᠨ ᠭᠦᠢᠴᠡᠳᠭᠡᠬᠦ ᠵᠡᠷᠭᠡ ᠲᠥᠯᠥᠪᠦᠷᠢ ᠥᠬᠡᠶ ᠦᠢᠯᠡᠴᠢᠯᠡᠭᠡ ᠬᠠᠩᠭᠠᠵᠤ᠂ ᠪᠠᠯᠠ ᠣᠷᠣᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠵᠠᠷᠤᠴᠠᠭᠤᠯᠬᠤ ᠴᠠᠭ ᠨᠢ ᠣᠷᠳᠣ᠂ ᠭᠤᠶᠤᠴᠢᠯᠠᠭᠴᠢ ᠨᠢ ︽ᠣᠯᠠᠨ | ᠲᠠᠯ᠎ᠠ ᠳᠤ ᠭᠦᠶᠦᠬᠦ︾᠂ ︽ᠣᠯᠠᠨ ᠤᠳᠠᠭ᠎ᠠ ᠭᠦᠶᠦᠬᠦ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |