ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠪᠢᠶᠠᠷᠢ ᠲᠣᠪᠴᠢᠶ᠎ᠠ ᠶᠢᠨ | ᠪᠥᠬᠦ ᠺᠠᠳ᠋ᠷ ᠠᠵᠢᠯᠲᠠᠨ ᠢ ᠬᠥᠲᠥᠯᠦᠨ ᠵᠢᠯᠣᠭᠤᠳᠴᠤ ᠪᠠᠶᠢᠭᠠᠳ ︽ᠥᠪᠥᠷ ᠮᠣᠩᠭᠤᠯ ᠤᠨ ᠴᠢᠨᠠᠷ ᠰᠠᠶᠢᠲᠠᠶ | ᠬᠥᠭᠵᠢᠯᠲᠡ ᠶᠢ ᠳᠥᠯᠭᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠲᠦᠷᠦᠭᠦᠬᠡᠨ᠂ ᠬᠥᠬᠡᠬᠤᠲᠠ ᠶᠢᠨ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠶᠢᠨ ᠢᠦᠶ ᠴᠢᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ ︽ᠨᠠᠮ ᠤᠨ ᠠᠴᠢ ᠶᠢ | ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | ᠬᠤᠷᠠᠯ ᠳᠡᠭᠡᠷ᠎ᠡ᠂ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ | ᠤᠢᠢᠯᠠᠭᠠᠨ ᠡᠵᠡᠮᠰᠢᠬᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ | ᠬᠦᠰᠡᠯ ᠨᠠᠶᠢᠳᠠᠯᠭ᠎ᠠ ᠶᠢ ᠭᠦᠨᠵᠡᠭᠡᠢ ᠤᠶᠢᠯᠠᠭᠠᠬᠤ᠂ ︽ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠣᠶᠢᠯᠠᠭᠠᠬᠤ᠂ ᠪᠦᠬᠦ ᠲᠠᠯ᠎ᠠ ᠪᠠᠷ ᠣᠨᠣᠪᠴᠢᠲᠠᠢ ᠡᠵᠡᠮᠰᠢᠬᠦ ᠵᠡᠷᠭᠡ ᠭᠤᠷᠪᠠᠨ ᠲᠠᠯ᠎ᠠ ᠶᠢᠨ ᠲᠣᠭᠤᠷᠢᠨ ᠳᠤ ᠰᠡᠳᠬᠢᠴᠡ | ᠲᠣᠳᠣᠷᠬᠠᠢ᠂ ᠭᠦᠨᠵᠡᠭᠡᠢ ᠪᠥᠭᠡᠳ ᠣᠶᠢᠯᠠᠭᠠᠮᠵᠢᠲᠠᠢ᠂ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠵᠡᠢ᠃ | ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠲᠠᠷᠠᠭ᠎ᠠ᠂ ᠤᠯᠠᠨ ᠢᠶᠠᠷ ᠢᠶᠠᠨ᠂ ᠬᠤᠶᠢᠰᠢᠳᠠ ᠲᠤᠰ | ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠤᠨ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠡᠩ ᠭᠦᠨᠵᠡᠭᠡᠢ ᠰᠢᠰᠲ᠋ᠧᠮ ᠲᠠᠢ ᠰᠤᠷᠤᠯᠴᠠᠨ ᠣᠶᠢᠯᠠᠭᠠᠵᠤ᠂ | ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠬᠢᠵᠦ | ᠦᠢᠯᠡᠰ ᠪᠤᠰᠬᠠᠵᠤ᠂ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |