ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠪᠠᠷᠢᠮᠲᠠᠯᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢᠨ ᠲᠥᠯᠥᠭᠡ᠂ 12 ᠳ᠋ᠤᠭᠡᠷ ᠰᠠᠷ᠎ᠠ ᠶᠢᠨ 25 ᠤ ᠡᠳᠦᠷ᠂ ᠬᠥᠬᠡᠬᠤᠲᠠ ᠶᠢᠨ ᠠᠮᠢ ᠠᠬᠤᠢ | ᠣᠷᠴᠢᠨ ᠲᠣᠭᠤᠷᠢᠨ ᠤ ᠲᠤᠪᠴᠢᠶ᠎ᠠ ᠶᠢᠨ ᠢᠦᠢ ᠴᠢᠤᠸᠠᠨ ᠲᠣᠭᠤᠷᠢᠭ ᠤᠨ ᠬᠤᠪᠢᠶᠠᠷᠢ ᠲᠤᠪᠴᠢᠶ᠎ᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃ | ᠬᠤᠷᠠᠯ ᠠᠴᠠ ᠳᠡᠷᠭᠡᠳᠡᠬᠢ ᠬᠥᠮᠦᠰ ᠤᠨ ᠢᠶᠠᠨ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ | ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ ᠪᠠᠷ ᠳᠠᠮᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ | ᠺᠠᠳ᠋ᠷᠴᠤᠳ ᠲᠤ ᠺᠠᠳ᠋ᠷ ᠤᠨ ᠢᠯᠵᠢᠷᠠᠯ ᠤᠨ ᠠᠵᠢᠯ ᠦᠢᠯᠡᠰ᠂ ᠨᠢᠭᠡᠴᠢ᠂ ᠭᠡᠷ ᠪᠦᠯᠢ ᠳᠤ ᠤᠴᠠᠷᠠᠭᠤᠯᠤᠭᠰᠠᠨ ᠯᠤᠲᠤ | ᠶᠡᠭᠡ ᠬᠤᠣᠷ ᠬᠥᠨᠥᠭᠡᠯ ᠢ ᠦᠨᠡᠨᠬᠦ ᠲᠣᠳᠣᠷᠬᠠᠢ ᠲᠠᠨᠢᠭᠤᠯᠬᠤ ᠬᠡᠷᠡᠭᠲᠡᠢ ᠭᠡᠵᠦ ᠰᠡᠷᠡᠮᠵᠢᠯᠡᠭᠦᠯᠬᠦ ᠶᠢᠨ ᠬᠠᠮᠲᠤ᠂ | ᠬᠥᠮᠦᠨ ᠤ ᠠᠮᠢᠳᠤᠷᠠᠯ ᠳᠤ ︽ᠣᠷᠣᠨ ᠪᠠᠶᠢᠷᠢ ᠪᠠᠨ ᠠᠯᠳᠠᠵᠤ︾ ᠪᠣᠯᠬᠤ ᠦᠭᠡᠢ᠂ ᠨᠠᠭᠠᠳᠤ ᠵᠠᠬ᠎ᠠ ᠶᠢᠨ ᠬᠤᠷᠢᠭ᠎ᠠ | ᠱᠤᠭᠤᠮ ᠢ ᠡᠷᠬᠡᠪᠰᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢᠨ᠎ᠡ ᠵᠢᠯ ᠤᠨ ᠰᠢᠨ᠎ᠡ ᠶᠢᠨ ᠨᠢᠭᠡᠨ ᠤ | ᠵᠠᠩᠭᠢᠯᠠᠭ᠎ᠠ ᠶᠢᠨ ᠴᠡᠭ ᠢ ᠴᠢᠩᠭ᠎ᠠ ᠰᠠᠬᠢᠵᠤ᠂ ᠢᠮᠠᠭᠲᠠ ᠲᠥᠪ ᠬᠤᠷᠢᠶᠠᠨ ᠤ ᠨᠠᠢᠮᠠᠨ ᠲᠣᠭᠲᠠᠭᠠᠯ ᠢ ᠤᠷᠳᠤ | ᠬᠤᠭᠤᠴᠠᠭᠠᠨ ᠤ ᠪᠦᠲᠦᠮᠵᠢᠲᠡᠢ ᠶᠤᠰᠤ ᠳᠦᠷᠢᠮ᠂ ᠬᠠᠲᠠᠭᠤ ᠪᠠᠷᠢᠮᠵᠢᠶ᠎ᠠ ᠪᠣᠯᠭᠠᠵᠤ᠂ ᠥᠨᠳᠥᠷ ᠪᠠᠷᠢᠮᠵᠢᠶ᠎ᠠ ᠶᠢ | ᠲᠣᠭᠲᠠᠭᠠᠵᠤ᠂ ᠴᠢᠩᠭ᠎ᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠶᠡᠭᠡ ᠶᠠᠪᠤᠳᠠᠯ ᠢ ᠪᠠᠲᠤ | ᠴᠡᠭᠡᠵᠢᠯᠡᠵᠦ᠂ ᠴᠠᠭ ᠢᠮᠠᠭᠲᠠ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠢᠯᠵᠢᠷᠠᠯ ᠢ ᠡᠰᠡᠷᠭᠦᠴᠡᠨ | ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ | ᠺᠠᠳ᠋ᠷᠴᠤᠳ᠂ ᠲᠤᠰ ᠪᠡᠶ᠎ᠡ ᠶᠢᠨ ᠬᠥᠮᠦᠵᠢᠯ ᠤᠨ ᠬᠢᠵᠠᠭᠠᠷᠯᠠᠯ ᠢ ᠤᠯᠠᠮ ᠴᠢᠨᠠᠭᠰᠢᠳᠠ ᠴᠢᠩᠭᠠᠳᠬᠠᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠬᠤ ᠠᠵᠢᠯ ᠤᠨ ᠡᠭᠦᠷᠢᠳᠡ ᠵᠤᠬᠰᠤᠰᠢ ᠦᠭᠡᠢ ᠪᠠᠶᠢᠬᠤ ᠤᠯᠤᠰ | ᠲᠦᠷᠦ ᠶᠢᠨ ᠤᠬᠠᠮᠰᠠᠷ ᠢ ᠦᠷᠭᠦᠯᠵᠢᠯᠡᠨ ᠴᠢᠩᠭᠠᠳᠬᠠᠵᠤ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ | ᠰᠠᠬᠢᠯᠭ᠎ᠠ ᠪᠠᠲᠤ ᠲᠠᠢ ᠬᠠᠷᠢᠴᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠬᠡᠷᠡᠭ ᠢᠶᠠᠷ ᠲᠤᠯᠢ ᠪᠣᠯᠭᠠᠵᠤ᠂ ᠢᠯᠵᠢᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ | ᠬᠤᠷᠢᠭ᠎ᠠ ᠱᠤᠭᠤᠮ ᠢ ᠪᠠᠲᠤ ᠴᠣᠭᠴᠠᠯᠠᠨ᠎ᠠ ᠭᠡᠵᠦ ᠢᠯᠡᠳᠬᠡᠵᠡᠭᠡᠪᠡ᠃ ᠲᠤᠰ ᠤᠳᠠᠭ᠎ᠠ ᠶᠢᠨ ᠰᠡᠷᠡᠮᠵᠢᠯᠡᠭᠦᠯᠬᠦ | ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠪᠡᠶ᠎ᠡ ᠪᠠᠨ ᠬᠢᠴᠢᠶᠡᠵᠦ ᠪᠡᠶ᠎ᠡ ᠪᠠᠨ ᠰᠡᠷᠡᠮᠵᠢᠯᠡᠭᠦᠯᠵᠦ᠂ ᠠᠷᠢᠭᠤᠨ | ᠴᠢᠬᠡᠴᠢ ᠪᠠᠷ ᠪᠡᠶ᠎ᠡ ᠪᠠᠨ ᠱᠠᠭᠠᠷᠳᠠᠬᠤ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠪᠢᠰᠢᠷᠡᠨ ᠵᠢᠷᠦᠬᠡᠰᠢᠶᠡᠬᠦ ᠶᠢ | ᠮᠡᠳᠡᠬᠦ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠬᠤ ᠶᠢ ᠪᠡᠶᠡᠯᠡᠭᠦᠯᠵᠦ᠂ ᠠᠷᠢᠭᠤᠨ ᠴᠢᠬᠡᠴᠢ ᠶᠢᠨ ᠤᠤᠷ | ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |