12 ᠳ᠋ᠤᠭᠡᠷ ᠰᠠᠷ᠎ᠠ ᠶᠢᠨ 26 ᠤ ᠡᠳᠦᠷ᠂ ᠢᠦᠢ ᠴᠢᠤᠸᠠᠨ ᠲᠣᠭᠤᠷᠢᠭ ᠤᠨ ᠠᠵᠢᠯᠴᠢᠨ ᠤ ᠡᠪᠯᠡᠯ ᠤᠨ | ᠳᠣᠯᠣᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠡᠬᠢᠯᠡᠪᠡ᠃ ᠬᠥᠬᠡᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠶ | ᠡᠪᠯᠡᠯ ᠤᠨ ᠲᠡᠷᠢᠭᠦᠯᠡᠭᠴᠢ ᠶᠦᠨ ᠢᠦᠶ ᠮᠧᠶ᠂ ᠬᠥᠬᠡᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠸᠠᠩ ᠵᠢᠶᠦ᠋ᠨ ᠲᠢᠩ᠂ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠴᠧᠩ ᠵᠥᠩ ᠵᠦᠩ ᠵᠢᠴᠢ ᠬᠤᠯᠪᠣᠭᠳᠠᠯ ᠪᠥᠬᠦᠶ ᠲᠣᠭᠤᠷᠢᠭ ᠤᠨ ᠤᠳᠤᠷᠢᠳᠤᠯᠭ᠎ᠠ ᠨᠠᠷ | ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ | ᠴᠧᠨ ᠮᠧᠶ ᠯᠢᠩ ᠡᠬᠢᠯᠡᠯᠲᠡ ᠶᠢᠨ ᠶᠤᠰᠤᠯᠠᠯ ᠢ ᠡᠷᠬᠢᠯᠡᠪᠡ᠃ | | | | | ᠸᠠᠩ ᠵᠢᠶᠦ᠋ᠨ ᠲᠢᠩ ᠬᠤᠷᠠᠯ ᠳᠤ ᠣᠷᠣᠯᠴᠠᠵᠤ ᠪᠠᠶᠠᠷ ᠬᠦᠷᠭᠡᠬᠦ ᠶᠢᠨ ᠬᠠᠮᠲᠤ ᠶᠠᠷᠢᠶ᠎ᠠ ᠲᠠᠯᠪᠢᠪᠠ᠃ ᠲᠡᠷᠡ᠂ | ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠠᠬᠢ ᠨᠠᠮ ᠪᠣᠯᠤᠨ ᠤᠯᠤᠰ ᠤᠨ | ᠦᠢᠯᠡᠰ ᠤᠨ ᠬᠥᠭᠵᠢᠯᠲᠡ ᠶᠢᠨ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠰᠢᠨ᠎ᠡ ᠴᠠᠭ ᠦᠶ᠎ᠡ ᠶᠢᠨ | ᠠᠵᠢᠯᠴᠢᠨ ᠤ ᠡᠪᠯᠡᠯ ᠤᠨ ᠠᠵᠢᠯ ᠢ ᠰᠠᠶᠢᠲᠤᠷ ᠬᠢᠬᠦ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠠᠢ᠃ | ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠠᠵᠢᠯᠴᠢᠨ ᠤ | ᠬᠥᠳᠡᠯᠭᠡᠭᠡᠨ ᠤ ᠦᠢᠯᠡᠰ ᠪᠠ ᠠᠵᠢᠯᠴᠢᠨ ᠤ ᠡᠪᠯᠡᠯ ᠤᠨ ᠠᠵᠢᠯ ᠳᠤ ᠰᠢᠨ᠎ᠡ ᠪᠠᠶᠢᠷᠢᠯᠠᠭᠤᠯᠤᠯᠲᠠ ᠬᠢᠵᠦ᠂ ᠰᠢᠨ᠎ᠡ | ᠱᠠᠭᠠᠷᠳᠠᠯᠭ᠎ᠠ ᠳᠤᠷᠠᠳᠴᠠᠶ᠂ ᠡᠭᠦᠨ ᠳᠤ ᠠᠵᠢᠯᠴᠢᠨ ᠠᠩᠬᠢ ᠶᠢᠨ ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ | ᠠᠵᠢᠯᠴᠢᠨ ᠤ ᠡᠪᠯᠡᠯ ᠤᠨ ᠠᠵᠢᠯ ᠮᠠᠰᠢ ᠶᠡᠭᠡ ᠡᠷᠡᠮᠡᠯᠵᠡᠯ ᠲᠠᠢ ᠪᠠᠶᠢᠨ᠎ᠠ᠃ ᠡᠯ᠎ᠡ ᠱᠠᠲᠤᠨ ᠤ ᠠᠵᠢᠯᠴᠢᠨ ᠤ ᠡᠪᠯᠡᠯ ᠤᠨ | ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶ᠎ᠠ ᠵᠢᠴᠢ ᠪᠦᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠤᠨ | ᠱᠠᠭᠠᠷᠳᠠᠯᠭ᠎ᠠ ᠶᠣᠰᠣᠭᠠᠷ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠷᠡᠰ | ᠰᠢᠭᠤᠷᠬᠠᠶ ᠪᠠᠷ ᠤᠷᠤᠭᠰᠢᠯᠠᠨ ᠳᠠᠪᠰᠢᠵᠤ᠂ ᠦᠨᠡᠨᠬᠦ ᠠᠳᠬᠤᠨ ᠪᠣᠳᠠᠲᠠᠶ ᠠᠵᠢᠯᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠠᠵᠢᠯᠴᠢᠨ ᠤ ᠡᠪᠯᠡᠯ ᠤᠨ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠦᠢ ᠴᠢᠤᠸᠠᠨ ᠲᠣᠭᠤᠷᠢᠭ ᠤᠨ ᠥᠷᠭᠡᠨ ᠤᠯᠠᠨ ᠠᠵᠢᠯᠳᠠᠨ ᠠᠵᠢᠯᠴᠢᠨ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠠᠵᠢᠯᠴᠢᠨ ᠠᠩᠬᠢ ᠶᠢᠨ | ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠴᠧᠩ ᠵᠦᠩ ᠵᠦᠩ ᠠᠴᠠ ᠵᠢᠭᠠᠨ ᠭᠠᠷᠭᠠᠭᠰᠠᠨ ᠨᠢ᠂ ᠢᠦᠢ ᠴᠢᠤᠸᠠᠨ ᠲᠣᠭᠤᠷᠢᠭ ᠤᠨ ᠠᠵᠢᠯᠴᠢᠨ ᠤ | ᠡᠪᠯᠡᠯ ᠤᠨ ᠵᠢᠷᠭᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠰᠠᠨ ᠠᠴᠠ ᠨᠠᠭᠠᠰᠢ᠂ | ᠪᠦᠬᠦ ᠲᠤᠭᠤᠷᠢᠭ ᠤᠨ ᠥᠷᠭᠡᠨ ᠤᠯᠠᠨ ᠠᠵᠢᠯᠳᠠᠨ ᠠᠵᠢᠯᠴᠢᠨ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ | ᠢᠦᠢ ᠴᠢᠤᠸᠠᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠴᠢᠬᠤᠯᠠ ᠠᠵᠢᠯ ᠤᠨ ᠳᠤᠮᠳᠠ ᠵᠣᠷᠢᠭᠲᠠᠢ ᠪᠠᠷ ᠬᠦᠨᠳᠦ | ᠡᠭᠦᠷᠭᠡ ᠶᠢ ᠡᠭᠦᠷᠭᠡᠯᠡᠵᠦ᠂ ᠡᠷᠡᠯᠬᠡᠭᠯᠡᠨ ᠲᠡᠮᠡᠴᠡᠵᠦ ᠪᠣᠳᠠᠲᠠᠢ ᠠᠵᠢᠯᠯᠠᠵᠤ᠂ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃ | ᠰᠢᠨ᠎ᠡ ᠠᠶᠠᠨ ᠳᠠᠭᠠᠨ ᠮᠣᠷᠳᠠᠵᠤ᠂ ᠪᠦᠬᠦ ᠲᠤᠭᠤᠷᠢᠭ ᠤᠨ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠣᠯᠠᠨ ᠠᠵᠢᠯᠲᠠᠨ ᠠᠵᠢᠯᠴᠢᠨ ᠨᠠᠮ ᠤᠨ ᠦᠢᠯᠡᠰ ᠲᠤ ᠦᠨᠡᠨᠴᠢ ᠰᠢᠳᠤᠷᠭᠤ ᠪᠠᠶᠢᠬᠤ᠂ | ᠠᠵᠢᠯᠲᠠᠨ ᠠᠵᠢᠯᠴᠢᠨ ᠳᠤ ᠦᠨᠡᠨᠴᠢ ᠪᠠᠷ ᠦᠢᠯᠡᠴᠢᠯᠡᠬᠦ ᠪᠠᠷ ᠥᠪᠡᠷ ᠤᠨ ᠡᠭᠦᠷᠭᠡ ᠪᠠᠨ ᠪᠣᠯᠭᠠᠬᠤ ᠶᠢ ᠪᠠᠷᠢᠮᠲᠠᠯᠠᠵᠤ᠂ | ᠠᠵᠢᠯᠴᠢᠨ ᠤ ᠡᠪᠯᠡᠯ ᠤᠨ ᠠᠵᠢᠯ ᠤᠨ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠭᠤᠣᠯᠳᠠᠯᠭ᠎ᠠ ᠲᠠᠢ | ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠵᠦ᠂ ᠠᠵᠢᠯᠳᠠᠨ ᠠᠵᠢᠯᠴᠢᠨ ᠤ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠡᠭᠦᠷᠭᠡ ᠴᠢᠳᠠᠪᠤᠷᠢ ᠪᠠᠨ ᠰᠠᠶᠢᠲᠤᠷ ᠭᠦᠢᠴᠡᠳᠬᠡᠵᠦ᠂ | ᠠᠵᠢᠯᠴᠢᠨ ᠤ ᠡᠪᠯᠡᠯ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠴᠢᠨ ᠤ ᠡᠪᠯᠡᠯ ᠤᠨ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠠᠵᠢᠯᠴᠢᠨ ᠤ ᠡᠪᠯᠡᠯ ᠤᠨ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ︽ᠬᠥᠳᠡᠯᠮᠦᠷᠢ ᠬᠠᠮᠤᠭ ᠤᠨ ᠢᠷᠠᠭᠤ ᠠᠯᠳᠠᠷᠲᠠᠢ᠂ | ᠬᠥᠳᠡᠯᠮᠦᠷᠢ ᠬᠠᠮᠤᠭ ᠤᠨ ᠡᠷᠬᠢᠮ ᠳᠡᠭᠡᠳᠦ᠂ ᠬᠥᠳᠡᠯᠮᠦᠷᠢ ᠬᠠᠮᠤᠭ ᠤᠨ ᠠᠭᠤᠤ ᠶᠡᠭᠡ᠂ ᠬᠥᠳᠡᠯᠮᠦᠷᠢ ᠬᠠᠮᠤᠭ ᠤᠨ | ᠭᠤᠶᠤ ᠰᠠᠶᠢᠬᠠᠨ︾ ᠭᠡᠬᠦ ᠴᠠᠭ ᠦᠶ᠎ᠡ ᠶᠢᠨ ᠬᠦᠴᠦᠷᠬᠡᠭ ᠳᠠᠭᠤᠨ ᠢ ᠴᠢᠪᠬᠠᠳᠠᠬᠤ ᠬᠡᠷᠡᠭᠲᠡᠢ᠃ | ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠵᠢᠶᠠ ᠵᠧᠨ ᠬᠤᠸᠠ ᠢᠦᠢ ᠴᠢᠤᠸᠠᠨ ᠲᠣᠭᠤᠷᠢᠭ ᠤᠨ ᠡᠯ᠎ᠡ ᠤᠯᠠᠨ ᠲᠦᠮᠡᠨ ᠤ ᠪᠦᠯᠬᠦᠮ ᠢ | ᠲᠥᠯᠥᠭᠡᠯᠡᠨ ᠪᠠᠶᠠᠷ ᠤᠨ ᠦᠭᠡ ᠬᠡᠯᠡᠵᠦ᠂ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠪᠡ᠃ | ᠢᠦᠢ ᠴᠢᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠼᠦᠢ ᠮᠢᠩ ᠰᠢᠶᠠ ᠵᠢᠷᠭᠤᠳᠤᠭᠠᠷ ᠬᠤᠭᠤᠴᠠᠭᠠᠨ ᠤ ᠨᠠᠮ ᠤᠨ | ᠬᠤᠷᠢᠶ᠎ᠠ ᠶᠢ ᠲᠥᠯᠥᠭᠡᠯᠡᠨ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠨ ᠰᠢᠨ᠎ᠡ ᠠᠶᠠᠨ ᠵᠠᠮ ᠳᠤ ᠳᠠᠷᠪᠠᠭᠤᠯ ᠬᠡᠶᠢᠰᠬᠡᠨ ᠥᠷᠭᠡᠨ ᠤᠯᠠᠨ ᠠᠵᠢᠯᠳᠠᠨ ᠠᠵᠢᠯᠴᠢᠨ ᠢ | ᠪᠦᠯᠬᠦᠮᠳᠡᠭᠦᠯᠦᠨ ᠲᠠᠶᠢᠴᠢᠯᠠᠵᠤ ᠢᠦᠢ ᠴᠢᠤᠸᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠲᠥᠯᠥᠭᠡ ᠴᠢᠷᠮᠠᠶᠢᠨ ᠲᠡᠮᠡᠴᠡᠶ᠎ᠡ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠡᠢ᠃ ᠬᠤᠷᠠᠯ ᠠᠴᠠ | ᠥᠩᠭᠡᠷᠡᠭᠰᠡᠨ ᠬᠡᠳᠦᠨ ᠵᠢᠯ ᠤᠨ ᠢᠦᠢ ᠴᠢᠤᠸᠠᠨ ᠲᠣᠭᠤᠷᠢᠭ ᠤᠨ ᠠᠵᠢᠯᠴᠢᠨ ᠤ ᠡᠪᠯᠡᠯ ᠤᠨ ᠠᠵᠢᠯ ᠤᠨ ᠦᠷ᠎ᠡ | ᠪᠦᠲᠦᠭᠡᠯ ᠢ ᠡᠷᠭᠢᠴᠡᠭᠦᠯᠦᠨ ᠳ᠋ᠦᠩᠨᠡᠵᠦ᠂ ᠬᠤᠶᠢᠰᠢᠳᠠ ᠶᠢᠨ ᠲᠠᠪᠤᠨ ᠵᠢᠯ ᠤᠨ ᠠᠵᠢᠯᠴᠢᠨ ᠤ ᠡᠪᠯᠡᠯ ᠤᠨ ᠠᠵᠢᠯ ᠤᠨ | ᠬᠠᠷᠠᠯᠲᠠ ᠡᠭᠦᠷᠭᠡ ᠶᠢ ᠲᠣᠳᠣᠷᠬᠠᠶᠢᠯᠠᠪᠠ᠃ ᠶᠡᠭᠡ ᠬᠤᠷᠠᠯ ᠤᠨ ᠲᠥᠯᠥᠭᠡᠯᠡᠭᠴᠢᠳ ᠢᠦᠢ ᠴᠢᠤᠸᠠᠨ ᠲᠣᠭᠤᠷᠢᠭ ᠤᠨ | ᠠᠵᠢᠯᠴᠢᠨ ᠤ ᠶᠡᠷᠦᠩᠬᠡᠢ ᠡᠪᠯᠡᠯ ᠤᠨ ᠵᠢᠷᠭᠤᠳᠤᠭᠠᠷ ᠬᠤᠭᠤᠴᠠᠭᠠᠨ ᠤ ᠵᠥᠪᠯᠡᠯ ᠤᠨ ᠡᠳ᠋ ᠤᠨ ᠶᠠᠪᠤᠳᠠᠯ ᠤᠨ | ᠠᠵᠢᠯ ᠤᠨ ᠮᠡᠳᠡᠭᠦᠯᠦᠯᠲᠡ᠂ ᠬᠢᠨᠠᠨ ᠪᠠᠶᠢᠴᠠᠭᠠᠭᠰᠠᠨ ᠠᠵᠢᠯ ᠤᠨ ᠮᠡᠳᠡᠭᠦᠯᠦᠯᠲᠡ ᠶᠢ ᠪᠢᠴᠢᠭ ᠢᠶᠠᠷ ᠬᠢᠨᠠᠨ ᠵᠥᠪᠯᠡᠪᠡ᠃ | ᠢᠦᠢ ᠴᠢᠤᠸᠠᠨ ᠲᠣᠭᠤᠷᠢᠭ ᠤᠨ ᠡᠯ᠎ᠡ ᠠᠵᠢᠯ ᠲᠦᠷᠦᠯ ᠤᠨ 151 ᠲᠥᠯᠥᠭᠡᠯᠡᠭᠴᠢ᠂ ᠣᠨᠴᠠ ᠤᠷᠢᠭᠰᠠᠨ | ᠲᠥᠯᠥᠭᠡᠯᠡᠭᠴᠢ ᠶᠡᠭᠡ ᠬᠤᠷᠠᠯ ᠳᠤ ᠣᠷᠣᠯᠴᠠᠭᠰᠠᠨ ᠪᠥᠭᠡᠳ ᠢᠦᠢ ᠴᠢᠤᠸᠠᠨ ᠲᠣᠭᠤᠷᠢᠭ ᠤᠨ ᠠᠵᠢᠯᠴᠢᠨ ᠤ | ᠶᠡᠷᠦᠩᠬᠡᠶ ᠡᠪᠯᠡᠯ ᠤᠨ ᠳᠣᠯᠣᠳᠤᠭᠠᠷ ᠬᠤᠭᠤᠴᠠᠭᠠᠨ ᠤ ᠵᠦᠪᠯᠡᠯ᠂ ᠵᠠᠷᠤᠳᠠᠯ ᠢ ᠬᠢᠨᠠᠨ ᠪᠠᠶᠢᠴᠠᠭᠠᠬᠤ ᠵᠦᠪᠯᠡᠯ ᠢ | ᠰᠣᠩᠭᠤᠨ ᠭᠠᠷᠭᠠᠪᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |