1 — 10 ᠰᠠᠷ᠎ᠠ ᠳᠤ᠂ ᠪᠥᠬᠦ ᠲᠤᠭᠤᠷᠢᠭ ᠤᠨ ᠳᠡᠭᠡᠳᠦ ᠳᠣᠤᠷᠠᠳᠤ ᠱᠠᠲᠤᠨ ᠤ ᠬᠢᠨ ᠲᠤᠭᠤᠷᠢᠭ ᠤᠨ | ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ | ᠳᠤᠲᠠᠭᠤᠳᠠᠯ ᠢᠶᠠᠨ ᠨᠥᠬᠦᠪᠥᠷᠢᠯᠡᠵᠦ᠂ ᠢᠲᠡᠭᠡᠯ ᠵᠣᠷᠢᠭ ᠢᠶᠠᠨ ᠳᠡᠭᠡᠭᠰᠢᠯᠡᠭᠦᠯᠦᠨ᠂ ᠭᠤᠤᠯᠳᠠᠯᠭ᠎ᠠ ᠶᠢ ᠠᠳᠬᠤᠵᠤ᠂ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠡᠷᠴᠢᠮᠲᠡᠶ ᠬᠡᠷᠡᠭᠵᠢᠭᠦᠯᠵᠦ᠂ ᠠᠵᠤ ᠠᠬᠤᠶ ᠶᠢᠨ | ᠠᠵᠢᠯᠯᠠᠭᠠᠨ ᠢ ᠦᠷᠭᠦᠯᠵᠢᠯᠡᠨ ᠰᠡᠷᠭᠦᠭᠡᠵᠦ᠂ ᠲᠣᠭᠲᠠᠭᠤᠨ ᠤ ᠳᠤᠮᠳᠠ ᠤᠷᠤᠭᠰᠢᠯᠠᠯᠲᠠ ᠲᠠᠢ ᠪᠣᠯᠭᠠᠪᠠ᠃ ᠡᠭᠦᠨ ᠳᠤ᠄ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6. | 5% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 42. | 0% ᠢᠶᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ | ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠵᠡᠶ᠃ | 01 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | 1 — 10 ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 0.2% ᠢᠶᠠᠷ | ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 6.5% ᠪᠠᠷ ᠨᠡᠮᠡᠭᠳᠡᠪᠡ᠃ | 1 — 10 ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ 10 ᠠᠵᠢᠯ ᠲᠥᠷᠥᠯ ᠤᠨ ᠶᠡᠭᠡ ᠲᠥᠷᠥᠯ ᠤᠨ 8 ᠠᠵᠢᠯ ᠲᠥᠷᠥᠯ ᠨᠢ ᠵᠢᠩᠬᠢᠨᠢ ᠨᠡᠮᠡᠭᠳᠡᠯ ᠢ | ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 80% ᠳᠤ ᠬᠥᠷᠪᠡ᠃ ᠨᠠᠪᠴᠢᠨ ᠲᠠᠮᠠᠬᠢᠨ ᠤ ᠪᠦᠲᠦᠭᠡᠭᠳᠡᠬᠦᠨ ᠤ | ᠦᠢᠯᠡᠰ ᠠᠳᠠᠯᠢ ᠬᠤᠭᠤᠴᠠᠭᠠᠨ ᠤ ᠬᠢ ᠠᠴᠠ 0.4% ᠪᠠᠷ ᠨᠡᠮᠡᠭᠳᠡᠪᠡ︔ ᠢᠳᠡᠭᠡᠨ ᠤ ᠦᠢᠯᠡᠳᠬᠦ ᠦᠢᠯᠡᠰ ᠠᠳᠠᠯᠢ | ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠪᠡ︔ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ | ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠪᠡ︔ ᠨᠡᠶᠢᠳᠡᠮ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ | ᠦᠢᠯᠡᠰ ᠠᠳᠠᠯᠢ ᠬᠤᠭᠤᠴᠠᠭᠠᠨ ᠤ ᠬᠢ ᠠᠴᠠ 33.5% ᠪᠠᠷ ᠨᠡᠮᠡᠭᠳᠡᠪᠡ︔ ᠡᠮ ᠡᠮᠨᠡᠯᠭᠡ ᠶᠢᠨ ᠦᠢᠯᠡᠳᠬᠦ ᠦᠢᠯᠡᠰ | ᠠᠳᠠᠯᠢ ᠬᠤᠭᠤᠴᠠᠭᠠᠨ ᠤ ᠬᠢ ᠠᠴᠠ 14.2% ᠢᠶᠠᠷ ᠨᠡᠮᠡᠭᠳᠡᠪᠡ︔ ᠨᠡᠬᠡᠮᠡᠯ ᠬᠤᠪᠴᠠᠰᠤ᠂ ᠬᠤᠪᠴᠠᠰᠤ ᠵᠠᠰᠠᠯ ᠤᠨ | ᠦᠢᠯᠡᠰ ᠠᠳᠠᠯᠢ ᠬᠤᠭᠤᠴᠠᠭᠠᠨ ᠤ ᠬᠢ ᠠᠴᠠ 26.7% ᠪᠠᠷ ᠨᠡᠮᠡᠭᠳᠡᠪᠡ︔ ᠲᠡᠮᠦᠷᠯᠢᠭ ᠪᠤᠰᠤ ᠠᠭᠤᠷᠬᠠᠶ ᠶᠢᠨ | ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 26.3% ᠪᠠᠷ ᠨᠡᠮᠡᠭᠳᠡᠪᠡ︔ ᠴᠠᠬᠢᠯᠭᠠᠨ ᠮᠧᠬᠠᠨᠢᠭ | ᠪᠣᠯᠤᠨ ᠪᠠᠭᠠᠵᠢ ᠬᠡᠷᠡᠭᠰᠡᠯ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠪᠡ︔ | ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠠᠳᠠᠯᠢ | ᠬᠤᠭᠤᠴᠠᠭᠠᠨ ᠤ ᠬᠢ ᠠᠴᠠ 30.5% ᠪᠠᠷ ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 5.7% ᠪᠠᠷ ᠪᠠᠭᠤᠷᠠᠪᠠ᠃ | 02 ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ | 1 — 10 ᠰᠠᠷ᠎ᠠ ᠳᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 42.0% ᠢᠶᠠᠷ ᠨᠡᠮᠡᠭᠳᠡᠪᠡ᠃ ᠪᠠᠯᠠ ᠣᠷᠣᠭᠤᠯᠤᠯᠲᠠ ᠶᠢᠨ ᠬᠦᠷᠢᠶ᠎ᠡ ᠠᠴᠠ ᠦᠵᠡᠪᠡᠯ᠂ | ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 41. | 7% ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 42.2% ᠢᠶᠠᠷ ᠨᠡᠮᠡᠭᠳᠡᠪᠡ᠃ ᠪᠠᠯᠠ ᠣᠷᠣᠭᠤᠯᠤᠯᠲᠠ ᠶᠢᠨ ᠭᠤᠤᠯ ᠴᠣᠭᠴᠠ ᠠᠴᠠ | ᠦᠵᠡᠪᠡᠯ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 67.0% ᠪᠠᠷ | ᠨᠡᠮᠡᠭᠳᠡᠪᠡ︔ ᠠᠷᠠᠳ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.4% ᠪᠠᠷ ᠨᠡᠮᠡᠭᠳᠡᠪᠡ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 66.9% ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 1130.2% ᠢᠶᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 23.5% ᠪᠠᠷ ᠨᠡᠮᠡᠭᠳᠡᠪᠡ᠃ | 03 ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ | 1 — 10 ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ | ᠲᠤᠭ᠎ᠠ 117.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.3% ᠪᠠᠷ | ᠨᠡᠮᠡᠭᠳᠡᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 21.9% ᠪᠠᠷ ᠨᠡᠮᠡᠭᠳᠡᠪᠡ︔ | ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 18.8% ᠪᠠᠷ ᠨᠡᠮᠡᠭᠳᠡᠪᠡ︔ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ | 172.4% ᠪᠠᠷ ᠨᠡᠮᠡᠭᠳᠡᠪᠡ᠃ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |