ᠲᠤᠤ ᠯᠢ ᠨᠡᠶᠢᠭᠡᠮ ᠲᠣᠭᠤᠷᠢᠭ ᠤᠨ ᠬᠢᠨ ︽ᠨᠢᠳᠦᠨ ᠤ ᠡᠪᠡᠳᠴᠢᠨ︾ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/8
     ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠩᠬᠠᠷᠤᠯ ᠢ ᠲᠠᠲᠠᠵᠤ᠂ ᠰᠠᠭᠤᠭᠠᠯᠢ ᠠᠷᠠᠳ ᠤᠨ ᠨᠢᠳᠦᠨ ᠤ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠲᠤᠤ ᠯᠢ ᠨᠡᠶᠢᠭᠡᠮ ᠲᠣᠭᠤᠷᠢᠭ ᠤᠨ ᠬᠢᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠲᠠᠷᠢᠶᠠᠯᠠᠩ ᠤᠨ ᠰᠤᠷᠭᠠᠭᠤᠯᠢ ᠶᠢᠨ ᠬᠤᠷᠢᠶᠠᠯᠠᠯ ᠳᠤ ︽ᠨᠢᠳᠦᠨ ᠤ ᠡᠪᠡᠳᠴᠢᠨ︾ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠰᠦᠢᠳᠭᠡᠯ ᠬᠤᠷᠢᠶᠠᠬᠤ ᠥᠬᠡᠶ᠂ ᠲᠤᠰᠬᠠᠶ ᠮᠡᠷᠭᠡᠵᠢᠯ ᠤᠨ ᠨᠢᠳᠦᠨ ᠤ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠠᠷ ᠵᠣᠷᠢᠯᠭ᠎ᠠ ᠪᠣᠯᠭᠠᠭᠰᠠᠨ ᠪᠠᠶᠢᠨ᠎ᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠡᠮᠴᠢ ᠲᠤᠰᠬᠠᠢ ᠮᠡᠷᠭᠡᠵᠢᠯ ᠤᠨ ᠪᠠᠭᠠᠵᠢ ᠲᠥᠬᠦᠭᠡᠷᠦᠮᠵᠢ ᠪᠠᠷ ᠰᠠᠭᠤᠭᠠᠯᠢ ᠠᠷᠠᠳ ᠤᠨ ᠬᠠᠷᠠᠭ᠎ᠠ ᠶᠢ ᠬᠡᠮᠵᠢᠵᠦ᠂ ᠨᠢᠳᠦ ᠶᠢ ᠪᠠᠶᠢᠴᠠᠭᠠᠵᠤ᠂ ᠨᠠᠷᠢᠨ ᠨᠢᠮᠪᠠᠢ ᠬᠦᠯᠢᠴᠡᠩᠭᠦᠢ ᠪᠠᠷ ᠠᠰᠠᠭᠤᠯᠲᠠ ᠶᠢ ᠲᠠᠶᠢᠯᠪᠤᠷᠢᠯᠠᠵᠤ᠂ ᠠᠳᠠᠯᠢ ᠪᠤᠰᠤ ᠡᠪᠡᠳᠴᠢᠨ ᠪᠠ ᠪᠣᠳᠠᠭᠠᠯᠢ ᠪᠡᠶ᠎ᠡ ᠶᠢᠨ ᠵᠦᠷᠢᠶ᠎ᠠ ᠳᠤ ᠴᠢᠭᠯᠡᠭᠦᠯᠦᠨ ᠵᠣᠬᠢᠰᠲᠠᠢ ᠣᠨᠣᠰᠢᠯᠠᠨ ᠡᠮᠨᠡᠬᠦ ᠰᠠᠨᠠᠭᠤᠯᠭ᠎ᠠ ᠪᠠ ᠡᠮᠨᠡᠨ ᠵᠠᠰᠠᠬᠤ ᠲᠥᠰᠦᠯ ᠳᠤᠷᠠᠳᠴᠤ᠂ ᠪᠠᠰᠠ ᠤᠯᠠᠨ ᠳᠤ ᠨᠢᠳᠦᠨ ᠤ ᠬᠡᠰᠡᠭ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠤᠯᠠᠨ ᠡᠭᠦᠰᠳᠡᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠵᠢᠴᠢ ᠠᠩᠬᠠᠷᠬᠤ ᠵᠦᠢᠯᠡᠰ ᠢ ᠲᠠᠶᠢᠯᠪᠤᠷᠢᠯᠠᠵᠤ ᠥᠭᠴᠡᠢ᠃
     ᠡᠮᠨᠡᠯᠭᠡ ᠶᠢᠨ ᠠᠵᠢᠯᠲᠠᠳ ᠪᠠᠰᠠ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠰᠠᠭᠤᠭᠠᠯᠢ ᠠᠷᠠᠳ ᠲᠤ ᠴᠠᠭᠠᠨ ᠬᠠᠷᠠᠩ᠂ ᠴᠡᠩᠬᠡᠷ ᠬᠠᠷᠠᠩ᠂ ᠬᠥᠭᠰᠢᠨ ᠬᠠᠷᠠᠭ᠎ᠠ ᠵᠡᠷᠭᠡ ᠨᠢᠳᠦᠨ ᠤ ᠡᠪᠡᠳᠴᠢᠨ ᠤ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠬᠠᠮᠢᠶ᠎ᠠ ᠪᠦᠬᠦᠢ ᠡᠪᠡᠳᠴᠢᠨ ᠢ ᠬᠡᠷᠬᠢᠨ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠬᠤ ᠲᠤᠬᠠᠶ ᠨᠠᠷᠢᠨ ᠲᠠᠨᠢᠯᠴᠠᠭᠤᠯᠬᠤ ᠶᠢᠨ ᠬᠠᠮᠲᠤ ᠡᠩ ᠤᠨ ᠦᠶ᠎ᠡ ᠳᠤ ᠨᠢᠳᠦ ᠪᠠᠨ ᠵᠦᠪ ᠬᠡᠷᠡᠭᠯᠡᠬᠦ ᠳᠠᠳᠬᠠᠯ ᠲᠠᠢ ᠪᠣᠯᠬᠤ ᠬᠡᠷᠡᠭᠲᠡᠶ᠂ ᠢᠯᠠᠩᠭᠤᠶ᠎ᠠ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠲᠡᠨ ᠤ ᠨᠢᠳᠦᠨ ᠤ ᠬᠡᠰᠡᠭ ᠨᠢ ᠵᠣᠬᠢᠴᠠᠬᠤ ᠦᠭᠡᠢ ᠪᠠᠶᠢᠬᠤ ᠶᠢ ᠣᠯᠵᠤ ᠮᠡᠳᠡᠮᠡᠭᠴᠡ ᠴᠠᠭ ᠲᠤᠬᠠᠶ ᠳᠤᠨᠢ ᠡᠮᠨᠡᠭᠦᠯᠬᠦ ᠶᠢ ᠰᠠᠨᠠᠭᠤᠯᠪᠠ᠃      ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠲᠤᠰᠬᠠᠶ ᠡᠮᠴᠢᠯᠡᠭᠡᠨ ᠤ ᠦᠢᠯᠡᠴᠢᠯᠡᠭᠡ ᠶᠢ ᠡᠳ᠋ᠯᠡᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯ ᠤᠨ ᠰᠡᠳᠬᠢᠭᠳᠡᠯ ᠢ ᠨᠡᠮᠡᠭᠳᠡᠭᠦᠯᠵᠡᠶ᠃ ᠳᠠᠷᠠᠭᠠᠴᠢ ᠶᠢᠨ ᠠᠯᠬᠤᠮ ᠳᠤ᠂ ᠲᠤᠤ ᠯᠢ ᠨᠡᠶᠢᠭᠡᠮ ᠲᠣᠭᠤᠷᠢᠭ ᠤᠨ ᠬᠢᠨ ᠨᠡᠶᠢᠭᠡᠮ ᠤᠨ ᠡᠬᠢ ᠪᠠᠶᠠᠯᠢᠭ ᠢ ᠦᠷᠭᠦᠯᠵᠢᠯᠡᠨ ᠢᠳᠡᠪᠬᠢᠲᠡᠢ ᠪᠠᠷ ᠠᠭᠤᠰᠤᠯᠴᠠᠭᠤᠯᠵᠤ᠂ ᠰᠠᠭᠤᠭᠠᠯᠢ ᠠᠷᠠᠳ ᠲᠤ ᠨᠡᠩ ᠤᠯᠠᠨ ᠠᠷᠠᠳ ᠲᠤ ᠲᠦᠭᠦᠮ ᠦᠵᠡᠭᠦᠯᠵᠦ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号