12 ᠳ᠋ᠤᠭᠡᠷ ᠰᠠᠷ᠎ᠠ ᠶᠢᠨ 6 ᠤ ᠡᠳᠦᠷ᠂ 2023 ᠣᠨ ᠤ ᠢᠦᠶ ᠴᠢᠤᠸᠠᠨ ᠲᠣᠭᠤᠷᠢᠭ ᠤᠨ ᠪᠥᠬᠦ ᠲᠠᠯ᠎ᠠ ᠪᠠᠷ | ᠬᠠᠤᠯᠢ ᠪᠠᠷ ᠲᠤᠭᠤᠷᠢᠭ ᠢᠶᠠᠨ ᠵᠠᠰᠠᠬᠤ ︵ᠬᠠᠥᠯᠢᠵᠢᠯ ᠤᠨ ᠪᠠᠶᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ︶ | ᠵᠢᠴᠢ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠺᠠᠳ᠋ᠷᠴᠤᠳ ᠤᠨ ᠤᠯᠤᠰ ᠲᠥᠷᠥ ᠶᠢᠨ | ᠡᠭᠡᠯᠵᠢᠯᠡᠨ ᠪᠣᠯᠪᠠᠰᠤᠷᠠᠭᠤᠯᠬᠤ ᠠᠩᠭᠢ ᠬᠢᠴᠢᠶᠡᠯ ᠡᠬᠢᠯᠡᠪᠡ᠃ | | | | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠷᠤᠯᠴᠠᠯᠭ᠎ᠠ ᠳᠤ ᠣᠷᠣᠯᠴᠠᠭᠰᠠᠳ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ | ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠪᠣᠳᠠᠲᠠᠢ ᠱᠠᠭᠠᠷᠳᠠᠯᠭ᠎ᠠ ᠶᠣᠰᠣᠭᠠᠷ᠂ ᠰᠤᠷᠤᠯᠴᠠᠬᠤ ᠪᠠᠷ | ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠬᠠᠷᠢᠴᠠᠯᠠᠰᠢᠭᠦᠢ | ᠦᠨᠡᠨᠴᠢ ᠰᠢᠳᠤᠷᠭᠤ ᠤᠯᠤᠰ ᠲᠦᠷᠦ ᠶᠢᠨ ᠪᠠᠲᠤ ᠬᠦᠴᠦᠨ ᠪᠣᠯᠭᠠᠨ ᠬᠤᠪᠢᠷᠠᠭᠤᠯᠵᠤ᠂ ᠬᠠᠷᠢᠴᠠᠯᠠᠰᠢᠭᠦᠢ ᠦᠨᠡᠨᠴᠢ | ᠰᠢᠳᠤᠷᠭᠤ᠂ ᠬᠠᠷᠢᠴᠠᠯᠠᠰᠢᠭᠦᠢ ᠠᠷᠢᠭᠤᠨ ᠴᠡᠪᠡᠷ᠂ ᠬᠠᠷᠢᠴᠠᠯᠠᠰᠢᠭᠦᠢ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠦᠷ᠎ᠡ | ᠪᠦᠲᠦᠭᠡᠯ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠢᠩᠬᠢᠨᠢ ᠴᠢᠳᠠᠪᠤᠷᠢᠲᠠᠨ ᠪᠣᠯᠭᠠᠨ ᠬᠤᠪᠢᠷᠠᠭᠤᠯᠵᠤ | ᠪᠣᠳᠠᠲᠠᠢ ᠠᠵᠢᠯᠯᠠᠨ᠂ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ | ᠬᠥᠭᠵᠢᠯᠲᠡ ᠶᠢ ᠬᠠᠮᠠᠭᠠᠯᠠᠬᠤ ᠲᠠᠯ᠎ᠠ ᠪᠠᠷ ᠲᠡᠷᠢᠭᠦᠨ ᠤ ᠬᠢ ᠶᠢ ᠲᠡᠮᠡᠴᠡᠨ ᠤᠯᠬᠤ ᠪᠠᠷ ᠴᠢᠷᠮᠠᠶᠢᠵᠤ᠂ ᠰᠠᠶᠢᠲᠤᠷ ᠵᠠᠰᠠᠵᠤ | ᠬᠠᠤᠯᠢ ᠪᠠᠷ ᠵᠠᠰᠠᠬᠤ ᠶᠢ ᠴᠢᠩᠭᠠᠳᠬᠠᠬᠤ ᠲᠠᠯ᠎ᠠ ᠪᠠᠷ ᠲᠡᠷᠢᠭᠦᠨ ᠤ ᠬᠢ ᠶᠢ ᠡᠭᠦᠳᠴᠦ᠂ ᠠᠷᠠᠳ ᠤᠨ ᠵᠣᠪᠠᠨᠢᠯ ᠢ | ᠰᠢᠢᠳᠪᠦᠷᠢᠯᠡᠵᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠬᠤ | ᠬᠡᠷᠡᠭᠲᠡᠢ᠃ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠦᠷ᠎ᠡ | ᠪᠦᠲᠦᠭᠡᠯ ᠢ ᠠᠵᠢᠯᠯᠠᠬᠤ ᠳᠠᠭᠠᠨ ᠴᠢᠳᠠᠮᠠᠭᠠᠢ ᠰᠢᠯᠢᠳᠡᠭ ᠰᠤᠷᠲᠠᠯ ᠪᠣᠯᠭᠠᠨ ᠬᠤᠪᠢᠷᠠᠭᠤᠯᠵᠤ᠂ ᠦᠨᠡᠨ ᠢ ᠪᠠᠷᠢᠮᠲᠠᠯᠠᠨ | ᠪᠣᠳᠠᠲᠠᠢ ᠶᠢ ᠡᠷᠬᠢᠮᠯᠡᠵᠦ᠂ ᠶᠣᠰᠣ ᠲᠦᠷᠢᠮ ᠢ ᠴᠢᠩᠭ᠎ᠠ ᠰᠠᠬᠢᠵᠤ᠂ ᠤᠭ ᠴᠢᠨᠠᠷ ᠢᠶᠠᠨ ᠡᠭᠦᠷᠢᠳᠡ ᠬᠠᠳᠠᠭᠠᠯᠠᠬᠤ | ᠬᠡᠷᠡᠭᠲᠡᠢ᠃ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠦᠷ᠎ᠡ | ᠪᠦᠲᠦᠭᠡᠯ ᠢ ᠬᠥᠭᠡᠭᠡᠵᠦ ᠭᠦᠢᠴᠡᠬᠦ ᠳᠠᠪᠠᠵᠤ ᠭᠠᠷᠬᠤ ᠠᠵᠢᠯ ᠤᠨ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠵᠤ᠂ | ᠦᠵᠡᠯ ᠰᠠᠨᠠᠭᠠᠨ ᠤ ᠲᠠᠯ᠎ᠠ ᠪᠠᠷ ᠬᠥᠪᠴᠢ ᠪᠠᠨ ᠴᠢᠩᠭᠠᠯᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠬᠥᠪᠴᠢ ᠪᠠᠨ | ᠳᠦᠭᠦᠷᠭᠡᠵᠦ᠂ ᠬᠠᠷᠢᠭᠤᠴᠠᠯᠭ᠎ᠠ ᠶᠢᠨ ᠲᠠᠯ᠎ᠠ ᠪᠠᠷ ᠨᠠᠶᠢᠳᠠᠪᠤᠷᠢᠵᠢᠭᠤᠯᠤᠨ᠂ ᠢᠦᠢ ᠴᠢᠤᠸᠠᠨ ᠲᠣᠭᠤᠷᠢᠭ ᠤᠨ ᠡᠯ᠎ᠡ | ᠲᠦᠷᠦᠯ ᠤᠨ ᠠᠵᠢᠯ ᠤᠨ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠢ᠃ | | | | | ᠰᠤᠷᠤᠯᠭ᠎ᠠ ᠡᠬᠢᠯᠡᠬᠦ ᠶᠣᠰᠣᠯᠠᠯ ᠤᠨ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠢᠩᠬᠢᠮ ᠤᠨ ᠬᠠᠤᠯᠢᠵᠢᠯ ᠤᠨ ᠪᠠᠶᠢᠴᠠᠭᠠᠨ ᠰᠤᠳᠤᠯᠬᠤ ᠭᠠᠵᠠᠷ ᠤᠨ ᠳᠠᠷᠤᠭ᠎ᠠ ᠪᠠᠢ ᠰᠢᠤᠸᠠᠢ ᠹᠧᠩ ︽ᠰᠢ ᠶᠢᠨ | ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠵᠢᠱᠢᠶ᠎ᠡ ᠦᠵᠡᠭᠦᠯᠦᠨ | ᠡᠭᠦᠳᠦᠨ ᠪᠠᠶᠢᠭᠤᠯᠬᠤ ᠪᠠᠷ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ︾ | ᠭᠤᠣᠯ ᠰᠡᠳᠦᠪ ᠢᠶᠠᠷ ᠤᠯᠠᠨ ᠳᠤ ᠲᠤᠰᠬᠠᠢ ᠰᠡᠳᠦᠪᠲᠦ ᠪᠣᠯᠪᠠᠰᠤᠷᠠᠯ ᠬᠢᠵᠡᠢ᠃ ᠬᠠᠤᠯᠢ ᠶᠣᠰᠣᠭᠠᠷ ᠵᠠᠰᠠᠭ | ᠶᠠᠪᠤᠭᠤᠯᠬᠤ ᠪᠠ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ | ᠠᠬᠢᠭᠤᠯᠬᠤ ᠲᠠᠯ᠎ᠠ ᠪᠠᠷ ᠭᠤᠣᠯ ᠰᠡᠳᠦᠪ ᠨᠢ ᠢᠯᠡ ᠲᠣᠳᠣ᠂ ᠡᠮᠬᠢ ᠵᠢᠷᠤᠮ ᠨᠢ ᠲᠣᠳᠣᠷᠬᠠᠶ ᠲᠠᠶᠢᠯᠪᠤᠷᠢᠯᠠᠯᠲᠠ ᠬᠢᠵᠦ᠂ | ᠪᠣᠳᠠᠲᠠᠶ ᠠᠵᠢᠯ ᠤᠨ ᠳᠤᠮᠳᠠᠬᠢ ᠮᠠᠰᠢ ᠤᠯᠠᠨ ᠡᠷᠬᠢᠮ ᠨᠠᠨᠳᠢᠨ ᠲᠤᠷᠰᠢᠯᠭ᠎ᠠ ᠶᠢ ᠬᠤᠪᠢᠶᠠᠨ ᠡᠳ᠋ᠯᠡᠵᠦ᠂ | ᠲᠠᠶᠢᠯᠪᠤᠷᠢᠯᠠᠨ ᠵᠢᠭᠠᠬᠤ ᠠᠭᠤᠯᠭ᠎ᠠ ᠨᠢ ᠭᠦᠢᠴᠡᠳ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠬᠡᠷᠡᠭᠯᠡᠭᠡᠨ ᠤ ᠴᠢᠨᠠᠷ ᠢᠶᠠᠷ | ᠥᠨᠳᠥᠷ ᠪᠠᠶᠢᠵᠤ᠂ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠮᠠᠰᠢ ᠴᠢᠩᠭ᠎ᠠ | ᠦᠢᠯᠡᠳᠦᠯᠭᠡ ᠶᠢᠨ ᠭᠦᠨᠴᠡ ᠪᠠ ᠪᠣᠳᠠᠲᠠᠶ ᠠᠵᠢᠯᠯᠠᠭᠠᠨ ᠤ ᠵᠢᠯᠣᠭᠤᠳᠬᠤ ᠴᠢᠨᠠᠷ ᠲᠠᠢ ᠪᠣᠯᠵᠠᠶ᠃ | ᠢᠦᠶ ᠴᠢᠤᠸᠠᠨ ᠲᠣᠭᠤᠷᠢᠭ ᠤᠨ ᠡᠯ᠎ᠡ ᠶᠠᠮᠤᠨ ᠵᠥᠪᠯᠡᠯ ᠠᠯᠪᠠᠨ ᠬᠡᠷ ᠲᠣᠪᠴᠢᠶ᠎ᠠ ᠶᠢᠨ ᠬᠤᠪᠢᠳᠠᠨ ᠬᠠᠮᠢᠶᠠᠷᠴᠤ | ᠪᠠᠶᠢᠭ᠎ᠠ ᠤᠳᠤᠷᠢᠳᠤᠯᠭ᠎ᠠ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠪᠠᠭ᠎ᠠ ᠲᠦᠷᠭᠡᠨ ᠭᠤᠤᠯ ᠪᠠᠯᠭᠠᠰᠤ᠂ | ᠡᠯ᠎ᠡ ᠵᠡᠭᠡᠯᠢ ᠭᠤᠳᠤᠮᠵᠢ ᠵᠢᠴᠢ ᠡᠭᠦᠯᠡᠨ ᠳᠤᠮᠳᠠ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ | ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠠᠮᠤᠷ ᠲᠦᠪᠰᠢᠨ ᠤ ᠠᠯᠪᠠᠨ ᠬᠡᠷ ᠤᠨ ᠡᠷᠬᠢᠯᠡᠭᠴᠢ ᠵᠢᠴᠢ | ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ︵ᠨᠡᠶᠢᠭᠡᠮ ᠲᠣᠭᠤᠷᠢᠭ ᠤᠨ | ᠬᠠᠷᠢᠭᠤᠴᠠᠯᠭᠠᠲᠠᠨ︶᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠪᠠᠶᠢᠭᠤᠯᠭ᠎ᠠ ᠶᠢᠨ ᠪᠥᠬᠦ ᠺᠠᠳ᠋ᠷᠴᠤᠳ 12 ᠳ᠋ᠤᠭᠡᠷ ᠰᠠᠷ᠎ᠠ ᠶᠢᠨ 6 ᠤ ᠡᠳᠦᠷ ᠠᠴᠠ 12 ᠳ᠋ᠤᠭᠡᠷ | ᠰᠠᠷ᠎ᠠ ᠶᠢᠨ 8 ᠤ ᠡᠳᠦᠷ ᠪᠣᠯᠲᠠᠯᠠᠬᠢ 3 ᠡᠳᠦᠷ ᠤᠨ ᠬᠤᠭᠤᠴᠠᠭ᠎ᠠ ᠲᠠᠢ ᠤᠯᠤᠰ ᠲᠥᠷᠥ ᠶᠢᠨ ᠡᠭᠡᠯᠵᠢᠯᠡᠨ | ᠪᠣᠯᠪᠠᠰᠤᠷᠠᠯ ᠢ ᠬᠦᠯᠢᠶᠡᠪᠡ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |