ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ | ᠲᠢᠩᠬᠢᠮ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ ᠶᠢᠨ ᠲᠣᠭᠤᠷᠢᠭ ᠤᠨ ᠰᠤᠯᠠ | ᠲᠠᠯᠪᠢᠭᠳᠠᠵᠤ ᠪᠠᠶᠢᠭ᠎ᠠ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠢ ᠲᠦᠢᠯᠪᠤᠷᠢᠲᠠᠢ ᠰᠢᠢᠳᠪᠦᠷᠢᠯᠡᠬᠦ | ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠡᠯ᠎ᠡ ᠠᠶᠢᠮᠠᠭ ᠬᠤᠲᠠ ᠶᠢᠨ ᠬᠢᠨ ᠴᠠᠭ ᠤᠨ ᠬᠢᠵᠠᠭᠠᠷ ᠤᠨ | ᠱᠠᠭᠠᠷᠳᠠᠯᠭ᠎ᠠ ᠶᠣᠰᠣᠭᠠᠷ ᠥᠪᠡᠷ ᠢᠶᠠᠨ ᠪᠠᠶᠢᠴᠠᠭᠠᠵᠤ ᠣᠶᠢᠯᠠᠭᠠᠨ ᠲᠣᠳᠣᠯᠠᠭᠰᠠᠨ ᠪᠠᠶᠢᠳᠠᠯ ᠢᠶᠠᠨ ᠳᠡᠭᠡᠭᠰᠢ ᠮᠡᠳᠡᠭᠦᠯᠵᠦ᠂ | ᠨᠠᠶᠢᠳᠠᠪᠤᠷᠢᠵᠢᠭᠤᠯᠬᠤ ᠲᠥᠰᠥᠯ ᠲᠣᠭᠲᠠᠭᠠᠨ᠂ ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠵᠤ᠂ ᠴᠡᠭᠴᠡᠯᠡᠨ | ᠵᠠᠰᠠᠬᠤ ᠠᠵᠢᠯ ᠢ ᠢᠳᠡᠪᠬᠢᠲᠡᠢ ᠠᠬᠢᠭᠤᠯᠪᠠ᠃ ᠣᠳᠣᠬᠠᠨ ᠳᠤ᠂ ᠡᠯ᠎ᠡ ᠵᠦᠢᠯ ᠤᠨ ᠠᠵᠢᠯ ᠱᠠᠲᠤᠴᠢ ᠴᠢᠨᠠᠷᠲᠠᠢ ᠦᠷ᠎ᠡ | ᠪᠦᠲᠦᠮᠵᠢ ᠣᠯᠣᠭᠰᠠᠨ ᠪᠠᠶᠢᠨ᠎ᠠ᠃ ᠪᠥᠬᠦ ᠣᠷᠣᠨ ᠤ ᠨᠡᠭᠡᠭᠡᠯᠲᠡ ᠶᠢᠨ ᠲᠣᠭᠤᠷᠢᠭ ᠨᠢ ᠨᠢᠭᠡᠨᠲᠡ 16368.8 | ᠲᠦᠮᠡᠨ ᠲᠥᠭᠦᠷᠢᠭ ᠤᠨ ᠳᠠᠷᠤᠭᠳᠠᠮᠠᠯ ᠪᠡᠯᠡ ᠮᠥᠩᠭᠦ ᠶᠢ ᠳᠡᠭᠡᠭᠰᠢ ᠲᠤᠰᠢᠶᠠᠵᠤ᠂ ᠵᠢᠭᠰᠠᠭᠠᠨ ᠪᠠᠶᠢᠴᠠᠭᠠᠵᠤ | ᠢᠯᠡᠷᠡᠭᠦᠯᠦᠭᠰᠡᠨ ᠭᠥᠯᠢᠶᠡᠨ ᠠᠪᠤᠭᠰᠠᠨ ᠪᠣᠯᠪᠠᠴᠦ ᠭᠦᠢᠴᠡᠳᠬᠡᠭᠡ ᠦᠭᠡᠢ 127 ᠨᠡᠭᠡᠭᠡᠯᠲᠡ ᠶᠢᠨ ᠲᠣᠭᠤᠷᠢᠭ ᠤᠨ | ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠪᠦᠬᠦᠨ ᠢ ᠭᠦᠢᠴᠡᠳᠬᠡᠵᠦ ᠳᠠᠭᠤᠰᠬᠠᠭᠠᠳ᠂ ᠪᠤᠰᠤᠳ ᠡᠯ᠎ᠡ | ᠵᠦᠢᠯ ᠤᠨ ᠠᠵᠢᠯ ᠴᠦ ᠢᠳᠡᠪᠬᠢᠲᠡᠢ ᠠᠬᠢᠴᠠ ᠲᠠᠢ ᠪᠣᠯᠵᠠᠢ᠃ | ᠣᠶᠢᠯᠠᠭᠠᠭᠰᠠᠨ ᠢᠶᠠᠷ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢᠨ ᠲᠠᠯ᠎ᠠ ᠪᠠᠷ᠂ ᠪᠥᠬᠦ ᠣᠷᠣᠨ ᠳᠤ | ᠨᠢᠭᠡᠨᠲᠡ 157 ᠪᠦᠯᠦᠭ ᠨᠡᠶᠢᠲᠡ 869 ᠾᠧᠺᠲ᠋ᠠᠷ ᠭᠠᠵᠠᠷ ᠢ ᠴᠡᠭᠴᠡᠯᠡᠨ ᠵᠠᠰᠠᠵᠤ᠂ ᠭᠠᠵᠠᠷ ᠰᠢᠷᠣᠢ ᠶᠢ | ᠭᠦᠢᠯᠭᠡᠭᠡᠨ ᠳᠤ ᠣᠷᠣᠭᠤᠯᠤᠭᠰᠠᠨ ᠨᠣᠷᠮ᠎ᠠ ᠨᠢ 94.6% ᠳᠤ ᠬᠦᠷᠴᠡᠢ᠃ ᠦᠢᠯᠡᠳᠪᠦᠷᠢᠯᠡᠯ ᠨᠢ ᠵᠣᠭᠰᠣᠭᠰᠠᠨ | ᠠᠵᠤ ᠠᠬᠤᠶᠢᠯᠠᠯ ᠤᠨ ᠲᠠᠯ᠎ᠠ ᠪᠠᠷ᠂ ᠤᠷᠲᠤ ᠬᠤᠭᠤᠴᠠᠭ᠎ᠠ ᠪᠠᠷ ᠦᠢᠯᠡᠳᠪᠦᠷᠢᠯᠡᠯ ᠨᠢ ᠵᠣᠭᠰᠣᠭᠰᠠᠨ 98 ᠠᠵᠤ | ᠠᠬᠤᠶᠢᠯᠠᠯ ᠪᠠ 56 ︽ᠥᠯᠥᠭ ᠠᠵᠤ ᠠᠬᠤᠶᠢᠯᠠᠯ︾ ᠢ ᠴᠡᠭᠴᠡᠯᠡᠨ ᠵᠠᠰᠠᠵᠤ᠂ ᠨᠡᠶᠢᠲᠡ 1313.2 ᠾᠧᠺᠲ᠋ᠠᠷ | ᠭᠠᠵᠠᠷ ᠰᠢᠷᠣᠢ ᠶᠢ ᠭᠦᠢᠯᠭᠡᠭᠡᠨ ᠲᠠᠢ ᠪᠣᠯᠭᠠᠪᠠ᠃ ᠪᠠᠷᠢᠯᠭ᠎ᠠ ᠶᠢᠨ ᠠᠵᠢᠯ ᠨᠢ ᠵᠣᠭᠰᠣᠭᠰᠠᠨ ᠲᠥᠷᠥᠯ ᠵᠦᠢᠯ ᠤᠨ | ᠲᠠᠯ᠎ᠠ ᠪᠠᠷ᠂ ᠨᠢᠭᠡᠨᠲᠡ 74 ᠶᠢ ᠴᠡᠭᠴᠡᠯᠡᠨ ᠵᠠᠰᠠᠵᠤ᠂ ᠨᠡᠶᠢᠲᠡ 1193 ᠾᠧᠺᠲ᠋ᠠᠷ ᠭᠠᠵᠠᠷ ᠰᠢᠷᠣᠢ ᠶᠢ | ᠭᠦᠢᠯᠭᠡᠭᠡᠨ ᠲᠠᠢ ᠪᠣᠯᠭᠠᠵᠤ᠂ ᠴᠡᠭᠴᠡᠯᠡᠨ ᠵᠠᠰᠠᠵᠤ ᠳᠠᠭᠤᠰᠬᠠᠭᠰᠠᠨ ᠨᠣᠷᠮ᠎ᠠ ᠨᠢ 74% ᠳᠤ ᠬᠥᠷᠪᠡ᠃ ︽ᠬᠠᠭᠠᠰ | ᠳᠤᠲᠠᠭᠤ ᠣᠷᠭᠢᠭᠰᠠᠨ︾ ᠢᠨᠵᠧᠨᠧᠷᠢᠩ ᠤᠨ ᠲᠠᠯ᠎ᠠ ᠪᠠᠷ᠂ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ 18 | ᠨᠡᠭᠡᠭᠡᠯᠲᠡ ᠶᠢᠨ ᠲᠣᠭᠤᠷᠢᠭ ᠤᠨ ︽ᠬᠠᠭᠠᠰ ᠳᠤᠲᠠᠭᠤ ᠣᠷᠭᠢᠭᠰᠠᠨ︾ ᠢᠨᠵᠧᠨᠧᠷᠢᠩ ᠢ ᠡᠯ᠎ᠡ ᠠᠶᠢᠮᠠᠭ | ᠬᠤᠲᠠ ᠶᠢᠨ ᠬᠢᠨ ᠴᠥᠮ ᠡᠮᠬᠢ ᠵᠢᠷᠤᠮ ᠲᠠᠢ ᠪᠠᠷ ᠴᠡᠭᠴᠡᠯᠡᠨ ᠵᠠᠰᠠᠬᠤ ᠶᠢ ᠠᠬᠢᠭᠤᠯᠵᠤ ᠪᠠᠶᠢᠨ᠎ᠠ᠃ ᠡᠭᠦᠨ ᠳᠤ | ᠲᠦᠩᠯᠢᠶᠣᠣ ᠬᠤᠲᠠ᠂ ᠬᠢᠩᠭᠠᠨ ᠠᠶᠢᠮᠠᠭ᠂ ᠦᠬᠠᠢ ᠬᠤᠲᠠ ᠲᠣᠰ ᠲᠣᠰ 1 ᠢᠨᠵᠧᠨᠧᠷᠢᠩ ᠢ ᠭᠦᠢᠯᠭᠡᠭᠡᠨ ᠲᠠᠢ | ᠪᠣᠯᠭᠠᠪᠠ᠃ | ᠡᠭᠦᠨ ᠤ ᠵᠡᠷᠭᠡᠴᠡᠭᠡ᠂ ᠥᠪᠡᠷᠲᠡᠭᠡᠨ ᠵᠠᠰᠠᠬᠤ ᠣᠷᠣᠨ ᠠᠴᠠ 55 ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠦᠷᠢᠶᠡᠯᠡᠩ ᠳᠤ ᠣᠷᠣᠭᠤᠯᠬᠤ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠡᠷᠴᠢᠮ᠂ ᠮᠦ | ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ᠂ ᠭᠠᠶᠢᠯᠢ ᠲᠠᠲᠠᠪᠤᠷᠢ ᠵᠡᠷᠭᠡ ᠭᠦᠢᠴᠡᠳᠬᠡᠯ ᠲᠤᠭ᠎ᠠ ᠶᠢ ᠪᠥᠬᠦ | ᠲᠠᠯ᠎ᠠ ᠪᠠᠷ ᠲᠦᠢᠯᠪᠤᠷᠢᠲᠠᠢ ᠪᠠᠶᠢᠴᠠᠭᠠᠨ ᠰᠢᠢᠳᠪᠦᠷᠢᠯᠡᠵᠦ᠂ ᠡᠯ᠎ᠡ ᠠᠶᠢᠮᠠᠭ ᠬᠤᠲᠠ ᠶᠢᠨ ᠬᠢᠨ ᠴᠥᠮ ᠲᠣᠰ ᠭᠠᠵᠠᠷ | ᠣᠷᠣᠨ ᠤ ᠪᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠢᠵᠠᠭᠠᠷᠯᠠᠬᠤ ᠴᠢᠨᠠᠷᠲᠠᠢ ᠭᠦᠢᠴᠡᠳᠬᠡᠯ | ᠲᠤᠭ᠎ᠠ ᠶᠢ ᠨᠡᠶᠢᠲᠡᠯᠡᠨ ᠵᠠᠷᠯᠠᠭᠰᠠᠨ ᠪᠠᠶᠢᠨ᠎ᠠ᠃ | ︽ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ ᠶᠢᠨ ᠲᠣᠭᠤᠷᠢᠭ ᠤᠨ ᠰᠤᠯᠠ ᠲᠠᠯᠪᠢᠭᠳᠠᠵᠤ | ᠪᠠᠶᠢᠭ᠎ᠠ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠢ ᠲᠦᠢᠯᠪᠤᠷᠢᠲᠠᠢ ᠪᠠᠶᠢᠴᠠᠭᠠᠨ ᠰᠢᠢᠳᠪᠦᠷᠢᠯᠡᠬᠦ ᠠᠵᠢᠯ | ᠨᠢᠭᠡᠨᠲᠡ ᠰᠢᠪᠲᠤᠯᠤᠯᠲᠠ ᠶᠢᠨ ᠬᠤᠭᠤᠴᠠᠭᠠᠨ ᠳᠤ ᠪᠠᠨ ᠣᠷᠣᠭᠠᠳ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ | ᠪᠢᠳᠡ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ᠂ ᠦᠢᠯᠡᠳᠪᠦᠷᠢᠯᠡᠯ ᠨᠢ ᠵᠣᠭᠰᠣᠭᠰᠠᠨ ᠠᠵᠤ ᠠᠬᠤᠶᠢᠯᠠᠯ᠂ | ᠪᠠᠷᠢᠯᠭ᠎ᠠ ᠶᠢᠨ ᠠᠵᠢᠯ ᠨᠢ ᠵᠣᠭᠰᠣᠭᠰᠠᠨ ᠲᠥᠷᠥᠯ ᠵᠦᠢᠯ᠂ ︿ᠬᠠᠭᠠᠰ ᠳᠤᠲᠠᠭᠤ ᠣᠷᠭᠢᠭᠰᠠᠨ﹀ ᠢᠨᠵᠧᠨᠧᠷᠢᠩ ᠵᠡᠷᠭᠡ | ᠲᠠᠯ᠎ᠠ ᠶᠢᠨ ᠴᠡᠭᠴᠡᠯᠡᠨ ᠵᠠᠰᠠᠬᠤ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ᠂ 2023 ᠣᠨ ᠤ | ᠰᠡᠭᠦᠯᠴᠢ ᠠᠴᠠ ᠡᠮᠦᠨ᠎ᠡ ᠦᠢᠯᠡᠳᠪᠦᠷᠢᠯᠡᠯ ᠨᠢ ᠵᠣᠭᠰᠣᠭᠰᠠᠨ ᠠᠵᠤ ᠠᠬᠤᠶᠢᠯᠠᠯ᠂ ᠪᠠᠷᠢᠯᠭ᠎ᠠ ᠶᠢᠨ ᠠᠵᠢᠯ ᠨᠢ | ᠵᠣᠭᠰᠣᠭᠰᠠᠨ ᠲᠥᠷᠥᠯ ᠵᠦᠢᠯ᠂ ︿ᠬᠠᠭᠠᠰ ᠳᠤᠲᠠᠭᠤ ᠣᠷᠭᠢᠭᠰᠠᠨ﹀ ᠢᠨᠵᠧᠨᠧᠷᠢᠩ ᠢ ᠲᠥᠪᠯᠡᠷᠡᠭᠦᠯᠦᠨ ᠴᠡᠭᠴᠡᠯᠡᠨ | ᠵᠠᠰᠠᠬᠤ ᠠᠵᠢᠯ ᠢ ᠪᠡᠶᠡᠯᠡᠭᠦᠯᠬᠦ ᠪᠠᠷ ᠴᠢᠷᠮᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠬᠢᠴᠢᠯᠠᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠪᠡ᠃ |