ᠸᠠᠩ ᠰᠢᠦᠢ ᠳ᠋ᠦᠩ ᠪᠣᠣ ᠭᠠᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ | ︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 14 ᠤ ᠡᠳᠦᠷ᠂ ᠬᠠᠭᠠᠨ ᠤ ᠣᠷᠳᠣᠨ ᠤ | ᠮᠦᠽᠧᠢ ᠮᠠᠨ ᠤ ᠬᠤᠳᠠ ᠲᠠᠢ ᠪᠡᠭᠡᠵᠢᠩ ᠳᠤ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠭᠲᠠᠪᠠ᠃ ᠰᠣᠶᠣᠯ | ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠠᠭᠠᠨ ᠤ ᠣᠷᠳᠣᠨ ᠤ | ᠮᠦᠽᠧᠢ ᠶᠢᠨ ᠳᠠᠷᠤᠭ᠎ᠠ ᠸᠠᠩ ᠰᠢᠦᠢ ᠳ᠋ᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠭᠠᠷ ᠤᠨ ᠦᠰᠦᠭ ᠵᠢᠷᠤᠬᠤ | ᠶᠣᠰᠣᠯᠠᠯ ᠳᠤ ᠣᠷᠣᠯᠴᠠᠪᠠ᠃ | ᠬᠠᠭᠠᠨ ᠤ ᠣᠷᠳᠣᠨ ᠤ ᠮᠦᠽᠧᠢ ᠶᠢᠨ ᠪᠠᠶᠢᠩᠭᠤ ᠶᠢᠨ ᠳᠡᠳ᠋ ᠳᠠᠷᠤᠭ᠎ᠠ ᠯᠧᠦ ᠸᠧᠢ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠵᠢᠢ ᠹᠧᠢ ᠬᠤᠶᠠᠷ ᠲᠠᠯ᠎ᠠ ᠶᠢ | ᠲᠥᠯᠥᠭᠡᠯᠡᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠬᠠᠭᠠᠨ ᠤ | ᠣᠷᠳᠣᠨ ᠤ ᠮᠦᠽᠧᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠳᠡᠳ᠋ ᠳᠠᠷᠤᠭ᠎ᠠ ᠯᠥᠸᠧ ᠰᠢᠶᠠᠨ ᠯᠢᠶᠠᠩ | ᠭᠠᠷ ᠤᠨ ᠥᠰᠥᠭ ᠵᠢᠷᠤᠬᠤ ᠶᠣᠰᠣᠯᠠᠯ ᠢ ᠡᠷᠭᠢᠯᠡᠪᠡ᠃ | ᠬᠡᠯᠡᠯᠴᠡᠭᠡᠷ ᠢ ᠦᠨᠳᠦᠰᠦᠯᠡᠪᠡᠯ᠂ ᠬᠠᠭᠠᠨ ᠤ ᠣᠷᠳᠣᠨ ᠤ ᠮᠦᠽᠧᠢ ᠪᠣᠯᠣᠨ ᠮᠠᠨ ᠤ ᠬᠤᠲᠠ ︽ᠤᠯᠠᠮᠵᠢᠯᠠᠨ | ᠵᠠᠯᠭᠠᠮᠵᠢᠯᠠᠬᠤ ᠪᠠ ᠰᠢᠨ᠎ᠡ ᠶᠢ ᠡᠭᠦᠳᠬᠦ︾ ᠵᠣᠷᠢᠯᠲᠠ ᠶᠢ ᠪᠠᠷᠢᠮᠲᠠᠯᠠᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ | ᠨᠥᠬᠦᠪᠦᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ᠂ | ᠬᠠᠮᠲᠤ ᠪᠠᠷ ᠬᠥᠭᠵᠢᠬᠦ ᠵᠠᠷᠴᠢᠮ ᠢ ᠪᠠᠷᠢᠮᠲᠠᠯᠠᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠵᠠᠰᠠᠨ | ᠰᠡᠷᠭᠦᠭᠡᠬᠦ ᠬᠠᠮᠲᠤᠷᠠᠭᠰᠠᠨ ᠠᠵᠢᠯᠯᠠᠬᠤ ᠲᠠᠰᠤᠭ ᠢ ᠲᠥᠯᠥᠪᠯᠡᠨ ᠪᠠᠶᠢᠭᠤᠯᠬᠤ᠂ ᠬᠠᠮᠲᠤᠷᠠᠨ ᠦᠵᠡᠰᠬᠦᠯᠡᠩ ᠡᠷᠬᠢᠯᠡᠬᠦ᠂ | ᠬᠦᠴᠦ ᠪᠠᠨ ᠬᠠᠮᠲᠤᠳᠬᠠᠨ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠲᠡᠦᠬᠡ ᠰᠣᠶᠣᠯ ᠤᠨ ᠥᠪ ᠢ ᠬᠠᠮᠠᠭᠠᠯᠠᠬᠤ᠂ ᠳᠡᠯᠭᠡᠨ ᠦᠵᠡᠭᠦᠯᠬᠦ᠂ ᠰᠣᠶᠣᠯ ᠤᠨ | ᠪᠦᠲᠦᠭᠡᠯᠴᠢ ᠰᠡᠳᠬᠢᠬᠦᠢ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠢ | ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠶᠢᠲᠤᠷ ᠤᠯᠠᠮᠵᠢᠯᠠᠨ ᠪᠠᠳᠠᠷᠠᠭᠤᠯᠬᠤ ᠪᠣᠯᠣᠨ᠎ᠠ᠃ | ᠬᠠᠭᠠᠨ ᠤ ᠣᠷᠳᠣᠨ ᠤ ᠮᠦᠽᠧᠢ ᠶᠢᠨ ᠳᠡᠳ᠋ ᠳᠠᠷᠤᠭ᠎ᠠ ᠿᠧᠨ ᠸᠠᠨ ᠫᠢᠩ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠵᠢᠢ ᠶᠢᠩ ᠭᠠᠷ ᠤᠨ ᠥᠰᠥᠭ ᠵᠢᠷᠤᠬᠤ | ᠶᠣᠰᠣᠯᠠᠯ ᠳᠤ ᠣᠷᠣᠯᠴᠠᠪᠠ᠃ |