ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠨᠢᠭᠡ ᠤᠳᠠᠭ᠎ᠠ ᠳᠤ ᠭᠦᠢᠴᠡᠳᠭᠡᠬᠦ · ᠲᠤᠲᠠᠭᠤ ᠳᠤᠷᠭᠤᠨ ᠢ ᠬᠦᠯᠢᠶᠡᠨ ᠠᠪᠴᠤ ᠰᠢᠢᠳᠪᠦᠷᠢᠯᠡᠬᠦ︾ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2023/2/21
     ︽︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ᠪᠠ ︽ᠥᠪᠡᠷᠲᠡᠭᠡᠨ ᠵᠠᠰᠠᠬᠤ ᠣᠷᠣᠨ ᠤ ︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠦᠯᠦᠭᠡ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠨᠢᠭᠡᠨᠲᠡ ᠭᠠᠷᠭᠠᠭᠰᠠᠨ 110 ᠵᠦᠢᠯ ᠤᠨ ︽ᠨᠢᠭᠡ ᠤᠳᠠᠭ᠎ᠠ ᠳᠤ ᠭᠦᠢᠴᠡᠳᠭᠡᠬᠦ︾ ᠵᠦᠢᠯᠡᠰ᠂ 14 ᠵᠦᠢᠯ ᠤᠨ ︽ᠮᠡᠳᠡᠭᠳᠡᠬᠦ ᠠᠮᠠᠯᠠᠯᠲᠠ︾ ᠪᠠ ︽ᠲᠤᠲᠠᠭᠤ ᠳᠤᠷᠭᠤᠨ ᠢ ᠬᠦᠯᠢᠶᠡᠨ ᠠᠪᠴᠤ ᠰᠢᠢᠳᠪᠦᠷᠢᠯᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠨ ᠨᠡᠶᠢᠯᠡᠭᠦᠯᠵᠦ᠂ 16 ᠵᠦᠢᠯ ᠤᠨ ︽ᠨᠢᠭᠡ ᠤᠳᠠᠭ᠎ᠠ ᠳᠤ ᠭᠦᠢᠴᠡᠳᠭᠡᠬᠦ · ᠲᠤᠲᠠᠭᠤ ᠳᠤᠷᠭᠤᠨ ᠢ ᠬᠦᠯᠢᠶᠡᠨ ᠠᠪᠴᠤ ᠰᠢᠢᠳᠪᠦᠷᠢᠯᠡᠬᠦ︾ ᠵᠦᠢᠯᠡᠰ ᠢ ᠭᠠᠷᠭᠠᠭᠰᠠᠨ ᠪᠥᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠫᠤᠷᠲ᠋ᠧᠯ ᠰᠦᠯᠵᠢᠶᠡᠨ ᠳᠡᠭᠡᠷ᠎ᠡ ᠪᠣᠳᠠᠲᠠᠶ ᠲᠣᠳᠣᠷᠬᠠᠶ ᠬᠠᠭᠤᠳᠠᠰᠤ ᠶᠢ ᠨᠡᠶᠢᠲᠡᠯᠡᠪᠡ᠃
     ︽ᠨᠢᠭᠡ ᠤᠳᠠᠭ᠎ᠠ ᠳᠤ ᠭᠦᠢᠴᠡᠳᠭᠡᠬᠦ · ᠲᠤᠲᠠᠭᠤ ᠳᠤᠷᠭᠤᠨ ᠢ ᠬᠦᠯᠢᠶᠡᠨ ᠠᠪᠴᠤ ᠰᠢᠢᠳᠪᠦᠷᠢᠯᠡᠬᠦ︾ ᠨᠢ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠢᠵᠢ ᠬᠦᠰᠦᠨᠦᠭ ᠬᠠᠭᠤᠳᠠᠰᠤ᠂ ᠨᠢᠭᠡ ᠤᠳᠠᠭ᠎ᠠ ᠳᠤ ᠭᠦᠢᠴᠡᠳᠭᠡᠬᠦ᠂ ᠨᠢᠭᠡ ᠤᠳᠠᠭ᠎ᠠ ᠳᠤ ᠬᠠᠮᠲᠤᠷᠠᠨ ᠭᠦᠢᠴᠡᠳᠭᠡᠬᠦ᠂ ᠨᠢᠭᠡ ᠤᠳᠠᠭ᠎ᠠ ᠳᠤ ᠭᠦᠢᠴᠡᠳᠭᠡᠭᠰᠡᠨ᠂ ᠨᠢᠭᠡ ᠤᠳᠠᠭ᠎ᠠ ᠳᠤ ᠦᠨᠡᠮᠯᠡᠯ ᠤᠯᠭᠤᠬᠤ︾ ᠭᠡᠬᠦ ᠪᠢᠲᠡᠭᠦᠦ ᠭᠠᠷᠳᠠᠮ ᠭᠦᠢᠴᠡᠳᠬᠡᠯ ᠢ ᠪᠡᠶᠡᠯᠡᠭᠦᠯᠦᠭᠰᠡᠨ ᠤ ᠳᠠᠷᠠᠭ᠎ᠠ᠂ ᠬᠠᠮᠤᠭ ᠤᠨ ᠶᠡᠭᠡ ᠬᠡᠮᠵᠢᠶ᠎ᠡ ᠪᠠᠷ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠵᠠᠷᠤᠳᠠᠯ ᠢ ᠪᠠᠭᠠᠰᠬᠠᠬᠤ ᠰᠠᠭᠤᠷᠢᠨ ᠳᠡᠭᠡᠷ᠎ᠡ᠂ ᠭᠤᠶᠤᠴᠢᠯᠠᠭᠴᠢ ᠶᠢᠨ ᠭᠤᠶᠤᠴᠢᠯᠠᠬᠤ ᠮᠠᠲ᠋ᠧᠷᠢᠶᠠᠯ ᠪᠦᠷᠢᠨ ᠪᠤᠰᠤ ᠪᠤᠶᠤ ᠳᠤᠲᠠᠭᠳᠠᠯ ᠲᠠᠢ ᠪᠠᠶᠢᠬᠤ ᠠᠴᠠ ᠪᠣᠯᠤᠭᠰᠠᠨ ᠳᠠᠬᠢᠨ ᠳᠠᠪᠲᠠᠨ ᠢᠷᠡᠵᠦ ᠪᠤᠴᠠᠬᠤ ᠦᠵᠡᠭᠳᠡᠯ ᠢ ᠤᠯᠠᠮ ᠨᠢᠭᠡ ᠠᠯᠬᠤᠮ ᠪᠠᠭᠠᠰᠬᠠᠵᠤ᠂ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠳᠣᠷᠣᠭᠰᠢᠯᠠᠭᠤᠯᠤᠨ᠂ ᠠᠵᠢᠯ ᠶᠠᠪᠤᠳᠠᠯ ᠭᠦᠢᠴᠡᠳᠭᠡᠬᠦ ᠴᠠᠭ ᠢ ᠠᠷᠪᠢᠯᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠢᠦᠢ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠦᠷᠭᠦᠯᠵᠢᠯᠡᠨ ᠠᠵᠤ ᠠᠬᠤᠶᠢᠯᠠᠯ ᠤᠨ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠬᠦᠴᠢᠷ ᠲᠦᠪᠡᠭᠲᠡᠢ ᠠᠰᠠᠭᠤᠳᠠᠯ ᠤᠨ ᠲᠣᠭᠤᠷᠢᠨ ᠳᠤ᠂ ᠲᠦᠷᠢᠮ ᠤᠨ ᠰᠢᠨ᠎ᠡ ᠶᠢ ᠡᠭᠦᠳᠬᠦ ᠶᠠᠪᠤᠴᠠ ᠶᠢ ᠲᠠᠬᠢᠨ ᠪᠦᠲᠦᠭᠡᠬᠦ ᠶᠢ ᠦᠷᠭᠦᠯᠵᠢᠯᠡᠨ ᠠᠬᠢᠭᠤᠯᠵᠤ᠂ ᠲᠦᠢᠯ ᠤᠨ ᠲᠦᠭᠦᠮ ᠬᠢᠨᠠᠨ ᠵᠥᠪᠰᠢᠶᠡᠷᠡᠬᠦ᠂ ᠲᠦᠢᠯ ᠤᠨ ᠰᠢᠯᠢᠳᠡᠭ ᠦᠢᠯᠡᠴᠢᠯᠡᠭᠡᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠠᠭᠪᠤᠷ ᠢ ᠪᠦᠬᠦ ᠬᠦᠴᠦᠨ ᠢᠶᠠᠷ ᠢᠶᠠᠨ ᠡᠭᠦᠳᠴᠦ᠂ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠪᠦᠬᠦᠨ ᠢ ᠰᠡᠳᠬᠢᠯ ᠲᠠᠯᠪᠢᠨ ᠰᠠᠶᠢᠲᠤᠷ ᠬᠢᠵᠦ᠂ ᠠᠵᠢᠯ ᠶᠠᠪᠤᠳᠠᠯ ᠰᠢᠢᠳᠪᠦᠷᠢᠯᠡᠬᠦ ᠪᠠᠷ ᠢᠷᠡᠭᠰᠡᠨ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号