ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠶ᠎ᠠ
ᠨᠡᠶᠢᠲᠡᠯᠡᠭᠰᠡᠨ ᠴᠠᠭ᠄
2023/2/24
     2 ᠳ᠋ᠤᠭᠠᠷ ᠰᠠᠷ᠎ᠠ ᠶᠢᠨ 27 ᠤ ᠡᠳᠦᠷ᠂ ᠮᠠᠨ ᠤ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ︵ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ᠂ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ︶ 2023 ᠣᠨ ᠤ ᠬᠠᠪᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠬᠤ ᠪᠣᠯᠣᠨ᠎ᠠ᠃ ᠡᠭᠦᠨ ᠤ ᠬᠠᠮᠲᠤ᠂ ᠡᠯ᠎ᠡ ᠰᠤᠷᠭᠠᠭᠤᠯᠢ ᠶᠢᠨ ᠬᠢᠨ ᠴᠦ ᠡᠯ᠎ᠡ ᠵᠦᠢᠯ ᠤᠨ ᠰᠤᠷᠤᠯᠭ᠎ᠠ ᠡᠬᠢᠯᠡᠬᠦ ᠪᠡᠯᠡᠳᠬᠡᠯ ᠠᠵᠢᠯ ᠢᠶᠠᠨ ᠤᠷᠢᠳᠴᠢᠯᠠᠨ ᠰᠠᠶᠢᠲᠤᠷ ᠬᠢᠵᠦ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠬᠦᠷᠴᠦ ᠢᠷᠡᠬᠦ ᠶᠢ ᠰᠠᠶᠢᠨ ᠰᠠᠶᠢᠬᠠᠨ ᠪᠠᠶᠢᠳᠠᠯ ᠢᠶᠠᠷ ᠤᠭᠲᠤᠵᠤ ᠪᠠᠶᠢᠨ᠎ᠠ᠃ ᠵᠢᠷᠤᠭ ᠪᠣᠯ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠬᠢᠨ ᠰᠤᠷᠤᠯᠭ᠎ᠠ ᠡᠬᠢᠯᠡᠬᠦ ᠪᠡᠯᠡᠳᠬᠡᠯ ᠢᠶᠠᠨ ᠭᠦᠢᠴᠡᠳ ᠬᠢᠵᠦ᠂ ᠬᠢᠴᠢᠶᠡᠯ ᠤᠨ ᠭᠡᠷ ᠢᠶᠠᠨ ᠰᠢᠨ᠎ᠡ ᠪᠠᠷ ᠲᠣᠬᠢᠷᠠᠭᠤᠯᠵᠤ ᠪᠠᠶᠢᠭ᠎ᠠ ᠨᠢ᠃ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号