2 ᠳ᠋ᠤᠭᠠᠷ ᠰᠠᠷ᠎ᠠ ᠶᠢᠨ 20 ᠤ ᠡᠳᠦᠷ ᠬᠥᠬᠡᠬᠤᠲᠠ ᠳᠤ ᠬᠤᠷᠠᠯᠳᠤᠭᠰᠠᠨ ᠪᠥᠬᠦ ᠣᠷᠣᠨ ᠤ ᠬᠤᠳᠠᠯᠳᠤᠭᠠᠨ ᠤ | ᠶᠠᠪᠤᠳᠠᠯ ᠤᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ 2023 ᠣᠨ ᠤ ᠪᠥᠬᠦ ᠣᠷᠣᠨ ᠤ ᠬᠤᠳᠠᠯᠳᠤᠭᠠᠨ ᠤ | ᠶᠠᠪᠤᠳᠠᠯ ᠤᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠪᠣᠯ ︽ᠨᠢᠭᠡ ᠭᠤᠣᠯ ᠡᠭᠦᠷᠭᠡ︾ ᠶᠢᠨ ᠲᠣᠭᠤᠷᠢᠨ ᠳᠤ | ︽ᠵᠢᠷᠭᠤᠭᠠᠨ ᠶᠡᠭᠡ ᠲᠤᠰᠬᠠᠢ ᠠᠵᠢᠯᠯᠠᠭ᠎ᠠ︾ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠮᠠᠨ ᠤ ᠣᠷᠣᠨ ᠤ | ᠬᠤᠳᠠᠯᠳᠤᠭᠠᠨ ᠤ ᠶᠠᠪᠤᠳᠠᠯ ᠤᠨ ᠠᠵᠢᠯ ᠤᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠴᠢᠨᠠᠷ ᠰᠠᠶᠢᠲᠠᠢ | ᠬᠥᠭᠵᠢᠯᠲᠡ ᠲᠡᠶᠢᠰᠢ ᠤᠷᠤᠭᠰᠢᠯᠠᠬᠤ ᠶᠢ ᠠᠬᠢᠭᠤᠯᠬᠤ ᠶᠠᠪᠤᠳᠠᠯ ᠪᠣᠯᠣᠨ᠎ᠠ᠃ | ᠣᠶᠢᠯᠠᠭᠠᠭᠰᠠᠨ ᠢᠶᠠᠷ᠂ ︽ᠨᠢᠭᠡ ᠭᠤᠣᠯ ᠡᠭᠦᠷᠭᠡ︾ ᠭᠡᠳᠡᠭ ᠨᠢ ᠳᠠᠷᠤᠢ ᠤᠯᠤᠰ ᠤᠨ ᠤᠮᠠᠷᠠᠰᠢ ᠨᠡᠭᠡᠭᠡᠯᠲᠡ | ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠣᠯᠬᠤ ᠶᠢ ᠠᠬᠢᠭᠤᠯᠬᠤ ᠶᠠᠪᠤᠳᠠᠯ ᠪᠣᠯᠣᠨ᠎ᠠ︔ ︽ᠵᠢᠷᠭᠤᠭᠠᠨ ᠶᠡᠭᠡ ᠲᠤᠰᠬᠠᠢ ᠠᠵᠢᠯᠯᠠᠭ᠎ᠠ︾ ᠭᠡᠳᠡᠭ ᠨᠢ ᠳᠠᠷᠤᠢ | ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ ᠪᠠᠷ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠲᠤᠰᠬᠠᠢ | ᠠᠵᠢᠯᠯᠠᠭ᠎ᠠ᠂ ᠬᠡᠷᠡᠭᠯᠡᠭᠡ ᠶᠢ ᠥᠷᠭᠡᠳᠬᠡᠨ ᠲᠠᠰ ᠳᠡᠪᠰᠢᠭᠦᠯᠬᠦ ᠲᠤᠰᠬᠠᠢ ᠠᠵᠢᠯᠯᠠᠭ᠎ᠠ᠂ ᠨᠡᠭᠡᠭᠡᠯᠲᠡᠲᠤ ᠬᠡᠯᠪᠡᠷᠢ ᠶᠢᠨ | ᠠᠵᠤ ᠠᠬᠤᠢ ᠶᠢᠨ ᠬᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ᠂ ᠨᠡᠭᠡᠭᠡᠯᠲᠡᠲᠤ | ᠲᠠᠪᠴᠠᠩ ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ᠂ ᠬᠢᠯᠢ ᠶᠢᠨ ᠪᠣᠭᠤᠮᠲᠠ ᠶᠢᠨ | ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠪᠠ ᠬᠤᠳᠠᠯᠳᠤᠭᠠᠨ ᠤ ᠶᠠᠪᠤᠳᠠᠯ ᠤᠨ | ᠰᠢᠰᠲ᠋ᠧᠮ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠪᠣᠯᠣᠨ᠎ᠠ᠃ | ︽2023 ᠣᠨ ᠤ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠵᠢᠱᠢᠭᠰᠡᠨ | ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠳᠤ ᠪᠡᠯᠡᠨ | ᠪᠣᠯᠭᠠᠬᠤ ᠪᠡᠯᠡ ᠮᠥᠩᠭᠦ ᠶᠢ 3900 ᠳ᠋ᠦᠩᠰᠢᠭᠤᠷ ᠲᠥᠭᠦᠷᠢᠭ ᠲᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ | 15% ᠪᠠᠷ ᠨᠡᠮᠡᠭᠳᠡᠭᠦᠯᠦᠨ᠎ᠡ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ | ᠲᠤᠭ᠎ᠠ ᠶᠢ 1700 ᠳ᠋ᠦᠩᠰᠢᠭᠤᠷ ᠲᠥᠭᠦᠷᠢᠭ ᠲᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 13% ᠪᠠᠷ | ᠨᠡᠮᠡᠭᠳᠡᠭᠦᠯᠦᠨ᠎ᠡ︔ ᠪᠣᠳᠠᠲᠠᠢ ᠬᠡᠷᠡᠭᠯᠡᠬᠦ ᠭᠠᠳᠠᠭᠠᠳᠤ ᠶᠢᠨ ᠪᠡᠯᠡ ᠮᠥᠩᠭᠦ ᠶᠢᠨ ᠨᠡᠮᠡᠭᠳᠡᠯ ᠤᠨ ᠬᠤᠷᠳᠤᠴᠠ ᠶᠢ | 6% ᠠᠴᠠ ᠳᠡᠭᠡᠭᠰᠢᠬᠢ ᠪᠠᠶᠢᠬᠤ ᠶᠢ ᠪᠠᠲᠤᠯᠠᠵᠤ᠂ 46 ᠳ᠋ᠦᠩᠰᠢᠭᠤᠷ ᠲᠥᠭᠦᠷᠢᠭ ᠲᠤ ᠬᠦᠷᠭᠡᠵᠦ᠂ ᠭᠠᠳᠠᠭᠠᠳᠤ ᠳᠤ | ᠪᠣᠳᠠᠲᠠᠢ ᠪᠡᠯᠡ ᠣᠷᠣᠭᠤᠯᠬᠤ ᠲᠤᠭ᠎ᠠ ᠶᠢ 40 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ︔ | ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠶᠢ 7600 ᠲᠦᠮᠡᠨ ᠲᠣᠨ ᠳᠤ ᠬᠦᠷᠭᠡᠵᠦ᠂ | ᠠᠳᠠᠯᠢ ᠬᠤᠭᠤᠴᠠᠭᠠᠨ ᠤ ᠬᠢ ᠠᠴᠠ 30% ᠠᠴᠠ ᠳᠡᠭᠡᠭᠰᠢ ᠨᠡᠮᠡᠭᠳᠡᠭᠦᠯᠦᠨ᠎ᠡ᠃︾ ᠭᠡᠵᠦ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠢᠩᠬᠢᠮ ᠤᠨ ᠳᠠᠷᠤᠭ᠎ᠠ ᠵᠠᠩ ᠬᠤᠩ ᠹᠦ᠋ ᠬᠡᠯᠡᠪᠡ᠃ | 2022 ᠣᠨ ᠳᠤ ᠮᠠᠨ ᠤ ᠣᠷᠣᠨ ᠤ ᠬᠤᠳᠠᠯᠳᠤᠭᠠᠨ ᠤ ᠶᠠᠪᠤᠳᠠᠯ ᠤᠨ ᠠᠵᠢᠯᠯᠠᠭᠠᠨ ᠲᠣᠭᠲᠠᠭᠤᠨ ᠤ ᠳᠤᠮᠳᠠ | ᠶᠠᠰᠤ ᠴᠢᠨᠠᠷ ᠨᠢ ᠳᠡᠭᠡᠭᠰᠢᠯᠡᠵᠦ᠂ ᠡᠭᠦᠨ ᠳᠤ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠠᠵᠢᠯ | ᠢᠯᠡᠳᠲᠡ ᠦᠷ᠎ᠡ ᠪᠦᠲᠦᠮᠵᠢ ᠣᠯᠵᠤ᠂ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ | ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ 3119 ᠪᠠᠶᠢᠵᠤ᠂ ᠤᠯᠤᠰ ᠤᠨ ᠳᠣᠲᠣᠭᠠᠳᠤ ᠶᠢᠨ ᠪᠡᠯᠡᠨ | ᠪᠣᠯᠤᠭᠰᠠᠨ ᠪᠡᠯᠡ ᠮᠥᠩᠭᠦ ᠶᠢ 3409 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠠᠳᠠᠯᠢ | ᠬᠤᠭᠤᠴᠠᠭᠠᠨ ᠤ ᠬᠢ ᠠᠴᠠ 59.7% ᠪᠠᠷ ᠨᠡᠮᠡᠭᠳᠡᠪᠡ᠃ ᠬᠡᠷᠡᠭᠯᠡᠭᠡᠨ ᠤ ᠵᠠᠬ᠎ᠠ ᠳᠡᠯᠭᠡᠭᠦᠷ ᠳᠠᠷᠤᠯᠲᠠ ᠶᠢ ᠳᠠᠭᠠᠭᠠᠨ | ᠠᠵᠢᠯᠯᠠᠵᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ | ᠲᠤᠭ᠎ᠠ 4971.4 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ | 18 ᠳ᠋ᠤᠭᠠᠷ ᠲᠤ ᠵᠢᠭᠰᠠᠭᠠᠭᠳᠠᠵᠤ᠂ 2021 ᠣᠨ ᠤ ᠬᠢ ᠠᠴᠠ 10 ᠪᠠᠶᠢᠷᠢ ᠠᠬᠢᠪᠠ᠃ ᠭᠠᠳᠠᠭᠠᠳᠤ ᠠᠷᠠᠯᠵᠢᠶ᠎ᠠ | ᠳᠠᠬᠢᠨᠲᠠ ᠰᠢᠨ᠎ᠡ ᠥᠨᠳᠥᠷ ᠢ ᠡᠭᠦᠳᠴᠦ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠲᠤᠭ᠎ᠠ 1523.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23. | 2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠬᠢ ᠠᠴᠠ 15.5 ᠵᠠᠭᠤᠨ ᠤ ᠴᠡᠭ | ᠥᠨᠳᠥᠷ ᠪᠣᠯᠪᠠ᠃ ᠭᠠᠳᠠᠭᠠᠳᠤ ᠪᠡᠯᠡ ᠶᠢᠨ ᠠᠰᠢᠭᠯᠠᠯᠲᠠ ᠶᠡᠭᠡ ᠬᠡᠮᠵᠢᠶ᠎ᠡ ᠪᠠᠷ ᠨᠡᠮᠡᠭᠳᠡᠵᠦ᠂ ᠪᠥᠬᠦ ᠣᠷᠣᠨ ᠳᠤ | ᠰᠢᠨ᠎ᠡ ᠪᠠᠷ ᠪᠠᠶᠢᠭᠤᠯᠤᠭᠳᠠᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ | 40 ᠨᠡᠮᠡᠭᠳᠡᠵᠦ᠂ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 34.5 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 58.6% ᠪᠠᠷ ᠨᠡᠮᠡᠭᠳᠡᠪᠡ᠃ ᠭᠠᠳᠠᠭᠠᠳᠤ ᠠᠵᠤ ᠠᠬᠤᠢ ᠶᠢᠨ ᠬᠠᠮᠲᠤᠷᠠᠯᠴᠠᠭ᠎ᠠ | ᠡᠮᠬᠢ ᠵᠢᠷᠤᠮ ᠲᠠᠢ ᠶᠠᠪᠤᠭᠳᠠᠵᠤ᠂ ᠪᠥᠬᠦ ᠣᠷᠣᠨ ᠳᠤ ᠭᠠᠳᠠᠭᠠᠳᠤ ᠳᠤ ᠪᠡᠯᠡ ᠣᠷᠣᠭᠤᠯᠤᠭᠰᠠᠨ ᠲᠥᠷᠥᠯ ᠵᠦᠢᠯ 24 | ᠰᠢᠨ᠎ᠡ ᠪᠠᠷ ᠨᠡᠮᠡᠭᠳᠡᠵᠦ᠂ ᠳᠤᠮᠳᠠᠳᠤ ᠶᠢᠨ ᠲᠠᠯ᠎ᠠ ᠶᠢᠨ ᠬᠢᠨ ᠤ ᠵᠥᠪᠳᠡᠯᠴᠡᠨ ᠲᠣᠭᠲᠠᠭᠠᠭᠰᠠᠨ ᠪᠡᠯᠡ | ᠣᠷᠣᠭᠤᠯᠤᠯᠲᠠ ᠶᠢᠨ ᠲᠤᠭ᠎ᠠ 132.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.6 ᠳᠠᠬᠢᠨ ᠨᠡᠮᠡᠭᠳᠡᠪᠡ᠃ ᠪᠣᠳᠠᠲᠠᠢ ᠪᠡᠯᠡ ᠣᠷᠣᠭᠤᠯᠤᠯᠲᠠ ᠶᠢᠨ ᠲᠤᠭ᠎ᠠ 89.7 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9 ᠳᠠᠬᠢᠨ ᠨᠡᠮᠡᠭᠳᠡᠵᠡᠢ᠃ | ᠬᠢᠯᠢ ᠶᠢᠨ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠳᠠᠬᠢᠨ ᠨᠡᠮᠡᠭᠳᠡᠯ ᠤᠨ ᠪᠠᠶᠢᠳᠠᠯ ᠢᠶᠠᠨ ᠰᠡᠷᠭᠦᠭᠡᠵᠦ᠂ ᠪᠥᠬᠦ | ᠣᠷᠣᠨ ᠤ ᠬᠢᠯᠢ ᠶᠢᠨ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 5842.2 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.7% ᠪᠠᠷ ᠨᠡᠮᠡᠭᠳᠡᠪᠡ᠃ ᠬᠢᠯᠢ ᠪᠠᠷ | ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 7337 ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 19.1% ᠪᠠᠷ ᠨᠡᠮᠡᠭᠳᠡᠪᠡ᠃ |