ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ | ᠣᠷᠣᠨ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ | ᠨᠢᠭᠡᠳᠦᠯᠲᠡᠶ ᠲᠥᠯᠥᠪᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠷᠣᠨ ᠤ ᠳᠣᠲᠣᠷᠠᠬᠢ ᠠᠵᠢᠯ ᠠᠯᠳᠠᠯᠲᠠ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠳᠠᠷᠤᠭᠠᠰᠤ ᠶᠢ ᠤᠯᠠᠮ ᠨᠢᠭᠡ ᠠᠯᠬᠤᠮ ᠲᠡᠩᠴᠡᠭᠦᠷᠢᠰᠢᠭᠦᠯᠵᠦ᠂ ᠰᠠᠭᠤᠷᠢ | ᠮᠥᠩᠭᠦ ᠶᠢᠨ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠵᠢᠯ | ᠠᠯᠳᠠᠯᠲᠠ ᠶᠢᠨ ᠳᠠᠭᠠᠳᠬᠠᠯ ᠤᠨ ︽ᠠᠮᠢᠳᠤᠷᠠᠯ ᠢ ᠪᠠᠲᠤᠯᠠᠬᠤ᠂ ᠠᠵᠢᠯ ᠠᠯᠳᠠᠬᠤ ᠶᠢ ᠰᠡᠷᠭᠡᠶᠢᠯᠡᠬᠦ᠂ ᠠᠵᠢᠯ | ᠣᠯᠭᠤᠯᠲᠠ ᠶᠢ ᠠᠬᠢᠭᠤᠯᠬᠤ︾ ᠴᠢᠳᠠᠮᠵᠢ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ ᠪᠣᠢ᠃ | ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠨᠢᠭᠡᠳᠦᠯᠲᠡᠶ ᠲᠥᠯᠥᠪᠯᠡᠬᠦ ᠳᠡᠰ | ᠳᠠᠪᠬᠤᠷᠭ᠎ᠠ ᠶᠢ ᠳᠡᠭᠡᠭᠰᠢᠯᠡᠭᠦᠯᠵᠦ᠂ ᠰᠠᠭᠤᠷᠢ ᠮᠥᠩᠭᠦᠨ ᠤ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠂ ᠠᠵᠢᠯ | ᠠᠯᠳᠠᠯᠲᠠ ᠶᠢᠨ ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 2021 | ᠣᠨ ᠤ 11 ᠰᠠᠷ᠎ᠠ ᠳᠤ ᠮᠠᠨ ᠤ ᠣᠷᠣᠨ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ | ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠠᠵᠢᠯ ᠢ ᠵᠢᠩᠬᠢᠨᠢ ᠪᠠᠷ ᠡᠬᠢᠯᠡᠭᠦᠯᠵᠦ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠬᠠᠮᠵᠢᠯᠴᠠᠨ ᠬᠠᠮᠵᠢᠯᠴᠠᠵᠤ᠂ ᠢᠳᠡᠪᠬᠢᠲᠡᠶ ᠠᠬᠢᠭᠤᠯᠤᠨ᠂ ︽ᠠᠵᠢᠯ ᠠᠯᠳᠠᠯᠲᠠ ᠶᠢᠨ ᠳᠠᠭᠠᠳᠬᠠᠯ ᠤᠨ | ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠬᠤᠯᠪᠣᠭᠳᠠᠯ ᠪᠦᠬᠦᠢ | ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ | ᠨᠢᠭᠡᠳᠦᠯᠲᠡᠶ ᠲᠥᠯᠥᠪᠯᠡᠬᠦ ᠶᠢ ᠡᠷᠬᠢᠯᠡᠨ ᠬᠢᠬᠦ ᠳᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠵᠡᠷᠭᠡ ᠶᠢ | ᠤᠷᠢᠳ ᠬᠤᠵᠢᠳ ᠲᠠᠷᠬᠠᠭᠠᠨ᠂ ᠮᠡᠳᠡᠭᠡ ᠵᠠᠩᠭᠢ ᠶᠢᠨ ᠰᠢᠰᠲ᠋ᠧᠮ ᠤᠨ ᠨᠢᠭᠡᠳᠦᠯᠲᠡᠶ ᠬᠠᠷᠭᠤᠭᠤᠯᠵᠤ ᠨᠢᠭᠡᠳᠦᠯᠲᠡᠶ | ᠲᠠᠲᠠᠪᠤᠷᠢᠯᠠᠬᠤ᠂ ᠬᠠᠷᠠᠭᠠᠯᠵᠠᠯ ᠣᠯᠭᠤᠬᠤ ᠵᠡᠷᠭᠡ ᠴᠢᠳᠠᠮᠵᠢ ᠶᠢ ᠲᠡᠭᠦᠯᠳᠡᠷᠵᠢᠭᠦᠯᠵᠦ᠂ ᠰᠢᠰᠲ᠋ᠧᠮ ᠪᠠ ᠲᠤᠭ᠎ᠠ | ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠲᠥᠪᠯᠡᠷᠡᠭᠦᠯᠬᠦ ᠪᠠ ᠵᠣᠯᠭᠠᠭᠤᠯᠬᠤ ᠶᠢ ᠪᠡᠶᠡᠯᠡᠭᠦᠯᠪᠡ᠃ | ᠣᠶᠢᠯᠠᠭᠠᠭᠰᠠᠨ ᠢᠶᠠᠷ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ | ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠬᠡᠷᠡᠭᠵᠢᠭᠦᠯᠵᠦ᠂ ᠪᠥᠬᠦ ᠣᠷᠣᠨ ᠳᠤ ᠠᠵᠢᠯ ᠠᠯᠳᠠᠯᠲᠠ ᠶᠢᠨ | ᠳᠠᠭᠠᠳᠬᠠᠯ ᠤᠨ ᠲᠥᠷᠥ ᠶᠢᠨ ᠪᠣᠳᠣᠯᠭ᠎ᠠ᠂ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ᠂ | ᠲᠥᠰᠦᠪ ᠤᠨ ᠬᠠᠮᠢᠶᠠᠷᠤᠯᠲᠠ᠂ ᠬᠠᠷᠢᠭᠤᠴᠠᠯᠭ᠎ᠠ ᠶᠢ ᠬᠤᠪᠢᠶᠠᠨ ᠡᠭᠦᠷᠭᠡᠯᠡᠬᠦ ᠲᠣᠭᠲᠠᠴᠠ᠂ ᠮᠡᠳᠡᠭᠡ ᠵᠠᠩᠭᠢ ᠶᠢᠨ | ᠰᠢᠰᠲ᠋ᠧᠮ᠂ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠠᠮᠢᠶᠠᠷᠤᠯᠲᠠ᠂ ᠤᠷᠮᠠᠰᠢᠭᠤᠯᠬᠤ ᠪᠠ ᠬᠢᠵᠠᠭᠠᠷᠯᠠᠬᠤ | ᠲᠣᠭᠲᠠᠴᠠ ᠵᠡᠷᠭᠡ ᠲᠠᠯ᠎ᠠ ᠪᠠᠷ ᠪᠥᠬᠦ ᠣᠷᠣᠨ ᠳᠤ ᠵᠢᠷᠤᠮᠵᠢᠯ ᠲᠠᠢ ᠪᠥᠭᠡᠳ ᠨᠢᠭᠡᠳᠦᠯᠲᠡᠶ ᠪᠣᠯᠭᠠᠵᠠᠢ᠃ |