ᠴᠠᠭᠠᠨ ᠰᠠᠷ᠎ᠠ ᠥᠩᠭᠡᠷᠡᠮᠡᠭᠴᠡ᠂ ᠪᠠᠶᠠᠨᠨᠠᠭᠤᠷ ᠬᠤᠳᠠ ᠶᠢᠨ 2023 ᠣᠨ ᠤ 93 ᠲᠦᠮᠡᠨ ᠮᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠨᠢᠭᠡᠨᠲᠡ ᠬᠦᠷ ᠬᠥᠭᠵᠢᠶᠡᠨ ᠲᠠᠢ ᠡᠬᠢᠯᠡᠪᠡ᠃ ᠯᠢᠨ | ᠾᠧ ᠲᠣᠭᠤᠷᠢᠭ ᠤᠨ ᠴᠧᠩ ᠭᠤᠸᠠᠨ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠲᠣᠭᠤᠷᠢᠭ ᠤᠨ | ᠪᠠᠷᠢᠯᠭ᠎ᠠ ᠶᠢᠨ ᠲᠤᠬᠠᠢ ᠶᠢᠨ ᠲᠠᠯᠠᠪᠠᠶ ᠳᠤ᠂ ᠰᠢᠷᠣᠢ ᠲᠦᠯᠬᠢᠬᠦ ᠮᠠᠰᠢᠨ᠂ ᠤᠬᠤᠭᠤᠷ ᠮᠠᠰᠢᠨ ᠵᠡᠷᠭᠡ ᠲᠣᠮᠣ | ᠬᠡᠯᠪᠡᠷᠢ ᠶᠢᠨ ᠮᠠᠰᠢᠨ ᠮᠧᠬᠠᠨᠢᠭ ᠨᠠᠭᠠᠰᠢ ᠴᠠᠭᠠᠰᠢ ᠰᠦᠯᠵᠢᠯᠳᠦᠵᠦ᠂ ᠥᠨᠳᠥᠷ ᠢ ᠨᠢ ᠲᠡᠭᠰᠢᠯᠡᠵᠦ ᠬᠤᠲᠣᠭᠤᠷ ᠢ ᠨᠢ | ᠳᠦᠭᠦᠷᠭᠡᠵᠦ᠂ ᠭᠠᠵᠠᠷ ᠰᠢᠷᠣᠢ ᠶᠢ ᠲᠡᠭᠰᠢᠯᠡᠭᠰᠡᠨ ᠤ ᠳᠠᠷᠠᠭ᠎ᠠ᠂ ᠠᠰᠬᠠᠨ ᠰᠢᠯᠤᠭᠤᠨ ᠤᠰᠤᠯᠠᠯᠲᠠ ᠶᠢᠨ ᠰᠤᠪᠠᠭ ᠪᠠ | ᠮᠠᠰᠢᠨ ᠢᠶᠠᠷ ᠲᠠᠷᠢᠶᠠᠯᠠᠬᠤ ᠵᠠᠮ ᠠᠭᠠᠵᠢᠮ ᠢᠶᠠᠷ ᠪᠦᠷᠢᠯᠳᠦᠪᠡ᠃ | ᠡᠨᠡ ᠨᠢ ᠵᠥᠪᠬᠡᠨ ᠮᠠᠨ ᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ︽ᠬᠠᠪᠤᠷ ᠡᠬᠢᠯᠡᠮᠡᠭᠴᠡ ᠠᠵᠢᠯ ᠡᠬᠢᠯᠡᠬᠦ︾ ᠶᠢᠨ ᠨᠢᠭᠡᠨ ᠬᠤᠷᠢᠶᠠᠩᠭᠤᠢ ᠳᠦᠷᠰᠦ ᠪᠣᠯᠣᠨ᠎ᠠ᠃ | ᠡᠨᠡ ᠵᠢᠯ᠂ ᠤᠯᠤᠰ ᠠᠴᠠ 395 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠪᠠᠭᠤᠯᠭᠠᠪᠠ᠃ ᠮᠠᠨ ᠤ ᠣᠷᠣᠨ ︽ᠲᠥᠪᠯᠡᠷᠡᠭᠦᠯᠦᠭᠰᠡᠨ ᠬᠡᠪᠴᠢᠶ᠎ᠡ ᠨᠢ ᠶᠡᠭᠡ᠂ | ᠭᠠᠷᠤᠯᠲᠠ ᠶᠢᠨ ᠨᠡᠮᠡᠭᠳᠡᠴᠡ ᠨᠢ ᠶᠡᠭᠡ᠂ ᠤᠰᠤ ᠠᠷᠪᠢᠯᠠᠬᠤ ᠳᠠᠯᠳᠠ ᠬᠦᠴᠦᠨ ᠨᠢ ᠶᠡᠭᠡ᠂ ᠭᠠᠵᠠᠷ ᠰᠢᠷᠣᠢ ᠶᠢ | ᠨᠡᠮᠡᠭᠳᠡᠭᠦᠯᠬᠦ ᠦᠷ᠎ᠡ ᠪᠦᠲᠦᠮᠵᠢ ᠨᠢ ᠶᠡᠭᠡ ᠪᠠᠶᠢᠯᠭᠠᠬᠤ︾ ᠪᠠᠷ ᠬᠠᠷᠠᠯᠲᠠ ᠪᠣᠯᠭᠠᠵᠤ᠂ 2023 ᠣᠨ ᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ | ᠲᠤᠬᠠᠢ ᠶᠢᠨ ᠵᠢᠯ ᠳᠤ ᠪᠠᠨ ᠠᠵᠢᠯ ᠳᠠᠭᠤᠰᠬᠠᠵᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ ᠪᠠᠶᠢᠨ᠎ᠠ᠃ | ᠲᠦᠷᠤᠯ ᠵᠦᠢᠯ ᠢ ᠡᠷᠲᠡ ᠡᠬᠢᠯᠡᠭᠦᠯᠵᠦ᠂ ᠡᠷᠲᠡ ᠪᠦᠲᠦᠭᠡᠨ ᠪᠠᠶᠢᠭᠤᠯᠤᠭᠰᠠᠨ ᠨᠢ ᠲᠦᠷᠤ ᠶᠢᠨ ᠪᠣᠳᠣᠯᠭ᠎ᠠ ᠶᠢ | ᠲᠦᠷᠭᠡᠨ ᠨᠠᠶᠢᠳᠠᠪᠤᠷᠢᠵᠢᠭᠤᠯᠵᠤ᠂ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠬᠢᠵᠦ᠂ ᠪᠡᠯᠡ ᠮᠥᠩᠭᠦ ᠶᠢ | ᠲᠦᠷᠭᠡᠨ ᠪᠠᠭᠤᠯᠭᠠᠭᠰᠠᠨ ᠤ ᠬᠦᠴᠦᠲᠡᠢ ᠪᠠᠲᠤᠯᠠᠭ᠎ᠠ ᠠᠴᠠ ᠪᠣᠯᠤᠭᠰᠠᠨ ᠶᠤᠮ᠃ ᠨᠢᠳᠤᠨᠤᠨ ᠮᠠᠨ ᠤ ᠣᠷᠣᠨ ︽ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠪᠠᠨ ᠨᠢᠭᠡᠨ | ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ | ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠠᠴᠠ ᠪᠢᠴᠢᠭ ᠮᠠᠲ᠋ᠧᠷᠢᠶᠠᠯ ᠳᠤ ᠳᠤᠷᠠᠳᠤᠭᠰᠠᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠳᠠᠷᠤᠢ | ᠲᠦᠷᠭᠡᠨ 54 ᠵᠦᠢᠯ ᠤᠨ ᠪᠣᠳᠠᠲᠠᠢ ᠠᠵᠢᠯ ᠪᠣᠯᠭᠠᠨ ᠬᠤᠪᠢᠶᠠᠵᠤ᠂ ᠲᠣᠰ ᠲᠣᠰ ᠠᠵᠢᠯ ᠤᠨ ᠠᠭᠤᠯᠭ᠎ᠠ᠂ | ᠬᠠᠷᠢᠭᠤᠴᠠᠯᠭᠠᠲᠤ ᠨᠢᠭᠡᠴᠢ᠂ ᠬᠠᠷᠢᠭᠤᠴᠠᠯᠭᠠᠲᠤ ᠬᠥᠮᠥᠨ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠪᠠ᠃ | ᠡᠭᠦᠨ ᠤ ᠬᠠᠮᠲᠤ᠂ 7 ᠵᠦᠢᠯ ᠤᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ ᠶᠠᠪᠤᠴᠠ ᠶᠢ ᠶᠡᠭᠡ | ᠬᠡᠮᠵᠢᠶ᠎ᠡ ᠪᠠᠷ ᠳᠥᠭᠦᠮᠴᠢᠯᠡᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠨ᠂ ᠲᠥᠷᠥᠯ ᠵᠦᠢᠯ ᠤᠨ | ᠠᠵᠢᠯ ᠡᠬᠢᠯᠡᠬᠦ ᠶᠢ ᠨᠥᠯᠥᠭᠡᠯᠡᠬᠦ ᠲᠥᠷᠥ ᠶᠢᠨ ᠪᠣᠳᠣᠯᠭ᠎ᠠ ᠶᠢᠨ ᠲᠦᠭᠵᠢᠷᠡᠯ ᠢ ᠨᠡᠪᠲᠡᠷᠡᠭᠦᠯᠪᠡ᠃ ᠪᠠᠰᠠ ᠲᠦᠷᠦᠯ | ᠵᠦᠢᠯ ᠤᠨ ᠬᠠᠳᠠᠭᠠᠯᠠᠮᠵᠢ ᠶᠢᠨ ᠬᠥᠮᠥᠷᠭᠡ ᠶᠢᠨ ᠮᠡᠳᠡᠭᠡ ᠵᠠᠩᠭᠢ ᠶᠢ ᠢᠳᠡᠪᠬᠢᠲᠡᠢ ᠲᠡᠭᠦᠯᠳᠡᠷᠵᠢᠭᠦᠯᠵᠦ᠂ ᠵᠢᠷᠤᠭ | ᠲᠥᠯᠥᠪᠯᠡᠭᠡ᠂ ᠳᠠᠭᠠᠭᠠᠴᠢᠯᠠᠯᠲᠠ ᠵᠠᠷᠯᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ | ᠲᠥᠯᠥᠪᠵᠢᠭᠦᠯᠵᠦ᠂ ᠤᠷᠢᠳᠴᠢᠯᠠᠨ ᠡᠬᠢᠯᠡᠭᠦᠯᠪᠡ᠃ ᠣᠳᠣᠬᠠᠨ ᠳᠤ ᠨᠢᠭᠡᠨᠲᠡ 206 ᠲᠦᠮᠡᠨ ᠮᠦ ᠵᠢᠷᠤᠭ | ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ ᠶᠢ ᠪᠡᠶᠡᠯᠡᠭᠦᠯᠵᠦ᠂ 70 ᠲᠦᠮᠡᠨ ᠮᠦ ᠵᠢᠷᠤᠭ ᠲᠥᠯᠥᠪᠯᠡᠭᠡ ᠶᠢᠨ ᠬᠢᠨᠠᠨ | ᠲᠣᠭᠲᠠᠭᠠᠯᠲᠠ ᠶᠢ ᠪᠡᠶᠡᠯᠡᠭᠦᠯᠵᠦ᠂ ᠲᠥᠷᠥᠯ ᠵᠦᠢᠯ ᠤᠨ ᠠᠬᠢᠴᠠ ᠨᠢ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠶᠡᠭᠡ ᠪᠠᠷ ᠤᠷᠢᠲᠠᠪᠠ᠃ ᠮᠠᠨ ᠤ ᠣᠷᠣᠨ ᠪᠠᠰᠠ ᠲᠥᠷᠥ ᠶᠢᠨ ᠪᠣᠳᠣᠯᠭ᠎ᠠ ᠨᠡᠶᠢᠲᠡᠯᠡᠵᠦ᠂ | 2022 ᠣᠨ ᠤ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠠᠶᠢᠮᠠᠭ ᠬᠤᠲᠠ᠂ | ᠬᠤᠰᠢᠭᠤ ᠰᠢᠶᠠᠨ ᠤ ᠵᠠᠰᠠᠭ ᠤᠨ ᠣᠷᠳᠣᠨ ᠤ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢ ᠪᠦᠬᠦᠨ ᠢ ᠲᠥᠪ ᠵᠢᠴᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠡᠳ᠋ ᠤᠨ ᠵᠠᠰᠠᠭ ᠠᠴᠠ ᠡᠭᠦᠷᠭᠡᠯᠡᠵᠦ᠂ ᠪᠥᠬᠦ ᠣᠷᠣᠨ ᠤ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠬᠦᠴᠦᠲᠡᠢ ᠪᠠᠲᠤᠯᠠᠬᠤ ᠪᠣᠯᠣᠨ᠎ᠠ᠃ | ᠡᠨᠡ ᠵᠢᠯ᠂ ᠮᠠᠨ ᠤ ᠣᠷᠣᠨ ︽ᠨᠢᠭᠡ ᠳᠠᠶᠢᠯᠠᠯᠳᠤᠭᠠᠨ ᠢ ᠰᠠᠶᠢᠲᠤᠷ ᠬᠢᠵᠦ᠂ ᠭᠤᠷᠪᠠᠨ ᠶᠡᠭᠡ ᠡᠭᠦᠷᠭᠡ ᠶᠢ | ᠪᠡᠶᠡᠯᠡᠭᠦᠯᠬᠦ︾ ᠳᠡᠭᠡᠷ᠎ᠡ ᠭᠤᠣᠯᠳᠠᠯᠭ᠎ᠠ ᠲᠠᠢ ᠬᠦᠴᠦᠯᠡᠬᠦ ᠪᠣᠯᠣᠨ᠎ᠠ᠃ ︽ᠨᠢᠭᠡᠨ ᠳᠠᠶᠢᠯᠠᠯᠳᠤᠭᠠᠨ︾ ᠨᠢ ᠲᠤᠬᠠᠶᠢᠯᠠᠪᠠᠯ | ᠬᠠᠪᠤᠷ ᠤᠨ ᠤᠯᠠᠷᠢᠯ ᠤᠨ ᠭᠠᠵᠠᠷ ᠲᠠᠷᠢᠶ᠎ᠠ ᠶᠢ ᠲᠡᠭᠰᠢᠯᠡᠬᠦ ᠬᠠᠮᠲᠤᠷᠠᠭᠰᠠᠨ ᠪᠠᠶᠢᠯᠳᠤᠭᠠᠨ ᠪᠣᠯᠣᠨ᠎ᠠ᠃ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ | ᠡᠯ᠎ᠡ ᠭᠠᠵᠠᠷ ᠢ ᠵᠣᠬᠢᠶᠠᠨ ᠪᠠᠶᠢᠭᠤᠯᠤᠨ ᠤᠷᠢᠳᠴᠢᠯᠠᠨ ᠲᠥᠯᠥᠪᠵᠢᠭᠦᠯᠵᠦ᠂ ︽ᠭᠤᠷᠪᠠ ᠶᠢ ᠡᠪᠳᠡᠬᠦ᠂ ᠲᠠᠪᠤ ᠶᠢ | ᠨᠢᠭᠡᠳᠬᠡᠬᠦ᠂ ᠨᠢᠭᠡ ᠶᠢ ᠳᠠᠬᠢᠨ ᠬᠤᠪᠢᠶᠠᠷᠢᠯᠠᠨ ᠡᠵᠡᠩᠨᠡᠬᠦ︾ ᠪᠦᠲᠦᠭᠡᠨ ᠪᠠᠶᠢᠭᠤᠯᠤᠯᠲᠠ ᠶᠢᠨ ᠵᠠᠭᠪᠤᠷ ᠢᠶᠠᠷ ᠲᠥᠷᠥᠯ | ᠵᠦᠢᠯ ᠢ ︽ᠤᠷᠢᠳ ᠢᠶᠠᠷ ᠲᠡᠭᠰᠢᠯᠡᠵᠦ᠂ ᠳᠠᠷᠠᠭ᠎ᠠ ᠨᠢ ᠪᠦᠲᠦᠭᠡᠨ ᠪᠠᠶᠢᠭᠤᠯᠬᠤ︾ ᠪᠣᠯᠣᠨ᠎ᠠ᠃ ᠣᠳᠣᠬᠠᠨ ᠤ | ᠠᠬᠢᠴᠠ ᠪᠠᠷ ᠲᠥᠰᠥᠭᠡᠯᠡᠨ ᠪᠤᠳᠤᠪᠠᠯ᠂ ᠭᠠᠵᠠᠷ ᠰᠢᠷᠣᠢ ᠶᠢ ᠲᠡᠭᠰᠢᠯᠡᠬᠦ ᠬᠠᠮᠲᠤᠷᠠᠭᠰᠠᠨ ᠳᠠᠶᠢᠯᠠᠯᠳᠤᠭᠠᠨ ᠢᠶᠠᠷ ᠳᠠᠮᠵᠢᠨ᠂ | ᠰᠢᠨ᠎ᠡ ᠪᠠᠷ 400 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠠᠪᠤᠷ ᠤᠨ ᠲᠠᠷᠢᠶᠠᠯᠠᠭ᠎ᠠ ᠶᠢᠨ | ᠦᠶ᠎ᠡ ᠳᠤ ᠠᠰᠢᠭᠯᠠᠯᠲᠠ ᠳᠤ ᠣᠷᠣᠭᠤᠯᠵᠤ᠂ ᠡᠨᠡ ᠨᠢ ᠨᠢᠳᠤᠨᠤᠨ ᠤ ᠭᠠᠵᠠᠷ ᠰᠢᠷᠣᠢ ᠶᠢ ᠲᠡᠭᠰᠢᠯᠡᠬᠦ ᠬᠠᠮᠲᠤᠷᠠᠭᠰᠠᠨ | ᠳᠠᠶᠢᠯᠠᠯᠳᠤᠭᠠᠨ ᠤ ᠦᠶ᠎ᠡ ᠶᠢᠨ ᠬᠢ ᠠᠴᠠ 146 ᠲᠦᠮᠡᠨ ᠮᠦ ᠨᠡᠮᠡᠭᠳᠡᠵᠦ᠂ 2023 ᠣᠨ ᠳᠤ ᠪᠦᠬᠦ ᠣᠷᠣᠨ ᠤ | ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ 8 ᠳ᠋ᠦᠩᠰᠢᠭᠤᠷ ᠵᠢᠩ ᠰᠢᠨ᠎ᠡ ᠪᠠᠷ ᠨᠡᠮᠡᠭᠳᠡᠭᠦᠯᠬᠦ ᠶᠢ | ᠳᠠᠶᠢᠴᠢᠯᠠᠬᠤ ᠪᠣᠯᠣᠨ᠎ᠠ᠃ | ᠡᠭᠦᠨ ᠤ ᠵᠡᠷᠭᠡ ᠳᠤ᠂ ᠪᠠᠰᠠ ᠬᠦᠴᠦᠨ ᠢᠶᠠᠨ ᠲᠥᠪᠯᠡᠷᠡᠭᠦᠯᠦᠨ ︽ᠭᠤᠷᠪᠠᠨ ᠶᠡᠭᠡ ᠡᠭᠦᠷᠭᠡ︾ ᠶᠢ | ᠪᠡᠶᠡᠯᠡᠭᠦᠯᠦᠨ᠎ᠡ᠃ ᠡᠨᠡ ᠵᠢᠯ ᠡᠭᠦᠷᠭᠡ ᠶᠢᠨ ᠬᠡᠮᠵᠢᠶ᠎ᠡ ᠨᠢ 15 ᠲᠦᠮᠡᠨ ᠮᠦ ᠶᠢ ᠳᠠᠪᠠᠭᠰᠠᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ 20 ᠬᠤᠰᠢᠭᠤ ᠰᠢᠶᠠᠨ ᠢ ᠪᠣᠶ ᠪᠣᠯᠭᠠᠨ᠎ᠠ︔ | ᠤᠯᠤᠰ ᠤᠨ ᠲᠦᠷᠦᠭᠦᠤ ᠪᠦᠯᠦᠭ ᠤᠨ ᠪᠥᠬᠦ ᠣᠷᠣᠨ ᠪᠦᠰᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ ᠴᠡᠭ ᠪᠣᠯᠬᠤ ᠪᠠᠷ ᠢᠳᠡᠪᠬᠢᠲᠡᠢ ᠴᠢᠷᠮᠠᠶᠢᠵᠤ᠂ | ᠪᠠᠶᠠᠨᠨᠠᠭᠤᠷ ᠬᠤᠲᠠ ᠪᠠ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠪᠥᠬᠦ ᠣᠷᠣᠨ ᠪᠦᠰᠡ ᠪᠠᠷ ᠠᠬᠢᠭᠤᠯᠬᠤ | ᠲᠤᠷᠰᠢᠯᠲᠠ ᠶᠢᠨ ᠴᠡᠭ ᠢ ᠭᠤᠣᠯᠳᠠᠯᠭ᠎ᠠ ᠲᠠᠢ ᠳᠡᠮᠵᠢᠨ᠎ᠡ︔ ᠨᠢᠭᠡ ᠪᠦᠯᠦᠭ ᠲᠥᠪᠯᠡᠷᠡᠨ ᠵᠠᠯᠭᠠᠯᠳᠤᠭᠰᠠᠨ ᠵᠢᠱᠢᠶ᠎ᠡ | ᠦᠵᠡᠭᠦᠯᠬᠦ ᠣᠷᠣᠨ ᠢ ᠪᠠᠶᠢᠭᠤᠯᠤᠨ᠎ᠠ᠂ ᠡᠭᠦᠨ ᠳᠤ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠳᠤ | 8 ᠲᠦᠮᠡᠨ ᠮᠦ ᠲᠥᠪᠯᠡᠷᠡᠨ ᠵᠠᠯᠭᠠᠯᠳᠤᠭᠰᠠᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠣᠷᠳᠣᠰ ᠬᠤᠲᠠ ᠶᠢᠨ | ᠳᠠᠯᠠᠳ ᠬᠤᠰᠢᠭᠤ᠂ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ᠂ ᠠᠷᠤᠨ ᠬᠤᠰᠢᠭᠤ ᠪᠥᠬᠦ | ᠲᠣᠰᠬᠤᠨ ᠢᠶᠠᠷ ᠢᠶᠠᠨ ᠠᠬᠢᠭᠤᠯᠬᠤ ᠵᠠᠭᠪᠤᠷ ᠢᠶᠠᠷ 2 ᠲᠦᠮᠡᠨ ᠮᠦ ᠠᠴᠠ ᠳᠡᠭᠡᠭᠰᠢᠬᠢ ᠲᠠᠩ ᠬᠡᠰᠡᠭ ᠲᠠᠢ ᠲᠥᠷᠥᠯ | ᠵᠦᠢᠯ ᠤᠨ ᠣᠷᠣᠨ ᠢ ᠪᠠᠶᠢᠭᠤᠯᠤᠨ᠎ᠠ᠃ |