ᠢᠦᠶ ᠴᠢᠤᠸᠠᠨ ᠲᠣᠭᠤᠷᠢᠭ᠄ ᠪᠡᠭᠡᠵᠢᠩ ᠤᠨ ᠡᠷᠡᠭᠦᠯᠵᠢᠯ ᠤᠨ ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠨ ᠤ ᠪᠦᠯᠬᠦᠮ ᠢ ᠣᠷᠣᠭᠤᠯᠤᠨ ᠠᠪᠴᠢᠷᠠᠵᠤ ᠦᠨᠳᠦᠰᠦᠨ ᠱᠠᠲᠤᠨ ᠤ ᠡᠮᠴᠢᠯᠡᠭᠡᠨ ᠤ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/2/8
     ᠰᠢ ᠶᠢᠨ ᠫᠢᠩ ᠶᠡᠷᠦᠩᠬᠡᠶ ᠱᠦᠵᠢ ᠶᠢᠨ ᠬᠢᠲᠠᠳ ᠡᠮ ᠡᠮᠨᠡᠯᠭᠡ ᠶᠢᠨ ᠲᠤᠬᠠᠶ ᠴᠢᠬᠤᠯᠠ ᠥᠭᠦᠯᠡᠯᠲᠡ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠲᠤᠭᠤᠷᠢᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ᠶᠢᠨ ᠡᠷᠡᠭᠦᠯᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠪᠡᠭᠡᠵᠢᠩ ᠬᠤᠲᠠ ᠶᠢᠨ ᠬᠢᠲᠠᠳ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠬᠢᠭᠡᠳ ᠬᠥᠬᠡᠬᠤᠲᠠ ᠶᠢᠨ ᠵᠠᠰᠠᠭ ᠤᠨ ᠣᠷᠳᠣᠨ ᠤ ᠥᠷᠨᠢᠭᠦᠯᠦᠭᠰᠡᠨ ︿ᠬᠤᠶᠠᠷ ᠲᠡᠷᠢᠭᠦᠨ ᠤ ᠬᠠᠮᠲᠤᠷᠠᠯᠴᠠᠭ᠎ᠠ﹀ ᠶᠢᠨ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ ᠢ ᠬᠠᠮᠲᠤ ᠪᠠᠷ ᠠᠬᠢᠭᠤᠯᠬᠤ︾ ᠶᠣᠰᠣᠭᠠᠷ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠪᠠ ︽ᠬᠤᠶᠠᠷ ᠲᠡᠷᠢᠭᠦᠨ ᠤ ᠠᠵᠢᠯᠯᠠᠭ᠎ᠠ︾ ᠶᠢᠨ ᠡᠷᠡᠭᠦᠯ ᠮᠡᠨᠳᠦ ᠶᠢᠨ ᠠᠵᠢᠯᠯᠠᠭ᠎ᠠ ᠳᠤ ᠲᠦᠰᠢᠭᠯᠡᠨ᠂ ᠢᠦᠶ ᠴᠢᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠡᠭᠡᠵᠢᠩ ᠤᠨ ᠡᠷᠡᠭᠦᠯᠵᠢᠯ ᠤᠨ ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠨ ᠤ ᠪᠦᠯᠬᠦᠮ ᠢ ᠣᠷᠣᠭᠤᠯᠤᠨ ᠠᠪᠴᠢᠷᠠᠪᠠ᠃
     ᠲᠦᠷᠦᠭᠦᠬᠡᠨ᠂ ᠪᠡᠭᠡᠵᠢᠩ ᠤᠨ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠹᠦ᠋ ᠰᠢᠩ ᠡᠮᠨᠡᠯᠭᠡ ᠶᠢᠨ ᠬᠤᠷᠢᠶᠠᠨ ᠤ ᠶᠤᠸᠠᠢ ᠲᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠷᠡᠭᠦᠯᠵᠢᠯ ᠤᠨ ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠨ᠂ ᠫᠷᠤᠹᠧᠰᠰᠤᠷ᠂ ᠡᠷᠬᠢᠯᠡᠭᠴᠢ ᠡᠮᠴᠢ ᠬᠤ᠋ ᠬᠠᠶ ᠶᠢᠩ ᠢᠦᠶ ᠴᠢᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠩ ᠯᠦᠩ ᠭᠤᠲᠤᠮᠵᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠦᠷᠴᠦ ᠣᠨᠣᠰᠢᠯᠠᠨ ᠡᠮᠨᠡᠬᠦ᠂ ᠳᠠᠭᠠᠭᠤᠯᠤᠨ ᠰᠤᠷᠭᠠᠬᠤ᠂ ᠪᠣᠳᠠᠲᠠᠶ ᠪᠣᠯᠪᠠᠰᠤᠷᠠᠯ ᠢᠶᠠᠷ ᠵᠢᠭᠠᠨ ᠰᠤᠷᠭᠠᠬᠤ ᠵᠡᠷᠭᠡ ᠠᠵᠢᠯ ᠢ ᠦᠷᠨᠢᠭᠦᠯᠬᠦ ᠶᠢᠨ ᠬᠠᠮᠲᠤ ᠢᠦᠶ ᠴᠢᠤᠸᠠᠨ ᠲᠣᠭᠤᠷᠢᠭ ᠤᠨ ᠡᠷᠡᠭᠦᠯᠵᠢᠯ ᠤᠨ ᠰᠠᠯᠠᠭᠠᠨ ᠤ ᠪᠠᠶᠢᠭᠤᠯᠤᠯᠲᠠ᠂ ᠬᠥᠭᠵᠢᠯᠲᠡ ᠳᠤ ᠵᠢᠯᠣᠭᠤᠳᠬᠤ ᠰᠠᠨᠠᠭᠤᠯᠭ᠎ᠠ ᠳᠤᠷᠠᠳᠴᠤ᠂ ᠢᠦᠶ ᠴᠢᠤᠸᠠᠨ ᠲᠣᠭᠤᠷᠢᠭ ᠤᠨ ᠡᠯ᠎ᠡ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ 23 ᠨᠡᠷᠡᠰ ᠡᠷᠡᠭᠦᠯᠵᠢᠯ ᠤᠨ ᠰᠠᠯᠠᠭᠠᠨ ᠤ ᠡᠮᠨᠡᠯᠭᠡ ᠶᠢᠨ ᠠᠵᠢᠯᠲᠠᠨ ᠪᠣᠯᠪᠠᠰᠤᠷᠠᠯ ᠳᠤ ᠣᠷᠣᠯᠴᠠᠵᠠᠶ᠃
     ᠢᠦᠶ ᠴᠢᠤᠸᠠᠨ ᠲᠣᠭᠤᠷᠢᠭ ᠤᠨ ᠰᠢᠩ ᠯᠦᠩ ᠭᠤᠲᠤᠮᠵᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠦᠴᠦᠲᠡᠶ ᠳᠡᠮᠵᠢᠯᠭᠡ ᠳᠣᠤᠷ᠎ᠠ᠂ 2007 ᠣᠨ ᠳᠤ ᠨᠡᠶᠢᠰᠯᠡᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠹᠦ᠋ ᠰᠢᠩ ᠡᠮᠨᠡᠯᠭᠡ ᠶᠢᠨ ᠬᠤᠷᠢᠶ᠎ᠠ ᠶᠢᠨ ᠶᠤᠸᠠᠢ ᠲᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠳᠣᠷᠣᠭᠰᠢ ᠶᠤᠸᠠᠢ ᠲᠠᠨ ᠲᠥᠪ ᠭᠡᠵᠦ ᠲᠣᠪᠴᠢᠯᠠᠨ᠎ᠠ︶ ᠲᠠᠢ ︽ᠭᠠᠷ ᠭᠠᠷ ᠢᠶᠠᠨ ᠬᠤᠯᠪᠣᠯᠴᠠᠨ︾ ᠬᠠᠪᠰᠤᠷᠤᠨ ᠲᠡᠳᠬᠦᠬᠦ ᠬᠠᠷᠢᠴᠠᠭ᠎ᠠ ᠪᠠᠶᠢᠭᠤᠯᠪᠠ᠃ ᠬᠠᠪᠰᠤᠷᠤᠨ ᠲᠡᠳᠬᠦᠬᠦ ᠬᠤᠭᠤᠴᠠᠭᠠᠨ ᠳᠤ᠂ ᠶᠤᠸᠠᠢ ᠲᠠᠨ ᠲᠥᠪ ᠠᠴᠠ ᠢᠦᠶ ᠴᠢᠤᠸᠠᠨ ᠲᠣᠭᠤᠷᠢᠭ ᠤᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠭᠤᠯᠤᠯᠲᠠ᠂ ᠬᠠᠮᠢᠶᠠᠷᠤᠯᠲᠠ᠂ ᠴᠢᠳᠠᠪᠤᠷᠢᠲᠠᠨ ᠢ ᠬᠥᠮᠦᠵᠢᠭᠦᠯᠬᠦ᠂ ᠲᠥᠬᠦᠭᠡᠷᠦᠮᠵᠢ ᠵᠡᠷᠭᠡ ᠲᠠᠯ᠎ᠠ ᠪᠠᠷ ᠬᠦᠴᠦᠲᠡᠶ ᠳᠡᠮᠵᠢᠯᠭᠡ ᠦᠵᠡᠭᠦᠯᠵᠡᠶ᠃ ᠲᠣᠰ ᠤᠳᠠᠭ᠎ᠠ ᠪᠡᠭᠡᠵᠢᠩ ᠤᠨ ᠡᠷᠡᠭᠦᠯᠵᠢᠯ ᠤᠨ ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠨ ᠤ ᠪᠦᠯᠬᠦᠮ ᠢ ᠣᠷᠣᠭᠤᠯᠤᠨ ᠠᠪᠴᠢᠷᠠᠵᠤ᠂ ᠡᠷᠡᠭᠦᠯᠵᠢᠯ ᠤᠨ ᠰᠢᠯᠢᠳᠡᠭ ᠡᠬᠢ ᠪᠠᠶᠠᠯᠢᠭ ᠤᠨ ᠨᠥᠯᠥᠭᠡᠯᠡᠬᠦ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠮᠠᠨ ᠤ ᠲᠤᠭᠤᠷᠢᠭ ᠤᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠷᠡᠭᠦᠯᠵᠢᠯ ᠤᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠲᠤᠭᠤᠷᠢᠭ ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠳᠥᠯᠭᠢᠨ ᠠᠬᠢᠭᠤᠯᠪᠠ᠃ ︵ᠰᠤᠷᠪᠤᠯᠵᠢᠯᠠᠭᠴᠢ᠄ ᠯᠢ ᠵᠢᠶᠠᠨ ᠬᠤᠸᠠ  ᠴᠢᠮᠡᠭᠡᠯᠡᠭᠴᠢ᠄ ᠸᠠᠩ ᠹᠦ᠋ ᠷᠦᠩ︶    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号