ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠨᠠᠨ ᠨᠠᠨ ᠨᠠᠷ ᠶᠡᠭᠡ ᠡᠮᠦᠨ᠎ᠡ ᠵᠡᠭᠡᠯᠢ ᠵᠡᠭᠡᠯᠢ ᠭᠤᠳᠤᠮᠵᠢ ᠶᠢᠨ ᠾᠧᠩ ᠴᠠᠩ ᠬᠤᠷᠢᠶᠠᠯᠠᠯ ᠳᠤ ᠬᠦᠷᠴᠦ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/2/8
     2 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠨᠠᠨ ᠨᠠᠨ ᠨᠠᠷ ᠶᠡᠭᠡ ᠡᠮᠦᠨ᠎ᠡ ᠵᠡᠭᠡᠯᠢ ᠵᠡᠭᠡᠯᠢ ᠭᠤᠳᠤᠮᠵᠢ ᠶᠢᠨ ᠾᠧᠩ ᠴᠠᠩ ᠬᠤᠷᠢᠶᠠᠯᠠᠯ ᠳᠤ ᠢᠷᠡᠵᠦ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ᠃
      ᠨᠠᠨ ᠨᠠᠨ ᠲᠣᠭᠤᠷᠢᠭ ᠤᠨ ᠳᠠᠷᠤᠭ᠎ᠠ ᠨᠠᠷ ᠡᡁᠧᠩ ᠴᠠᠩ ᠬᠤᠷᠢᠶᠠᠯᠠᠯ ᠳᠤ ᠬᠦᠷᠴᠦ ᠬᠤᠷᠢᠶᠠᠯᠠᠯ ᠤᠨ ᠬᠤᠭ ᠨᠣᠪᠰᠢ ᠶᠢᠨ ᠲᠦᠷᠦᠯ ᠠᠩᠭᠢᠯᠠᠯ᠂ ᠨᠡᠶᠢᠲᠡ ᠶᠢᠨ ᠠᠰᠠᠷᠠᠮᠵᠢ ᠶᠢᠨ ᠵᠠᠷ᠂ ᠣᠷᠣᠨ ᠰᠠᠭᠤᠴᠠ ᠶᠢᠨ ᠣᠷᠴᠢᠨ ᠲᠣᠭᠤᠷᠢᠨ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠲᠤᠬᠠᠢ ᠶᠢᠨ ᠲᠠᠯᠠᠪᠠᠢ ᠳᠤ ᠵᠢᠭᠠᠵᠤ ᠭᠠᠷᠭᠠᠭᠰᠠᠨ ᠪᠥᠭᠡᠳ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠱᠠᠭᠠᠷᠳᠠᠯᠭ᠎ᠠ ᠶᠣᠰᠣᠭᠠᠷ ᠱᠠᠯᠠᠪᠳᠠᠨ ᠴᠡᠭᠴᠡᠯᠡᠨ ᠰᠠᠶᠢᠵᠢᠷᠠᠭᠤᠯᠪᠠ᠃ ᠨᠠᠨ ᠨᠠᠨ ᠲᠣᠭᠤᠷᠢᠭ ᠤᠨ ᠳᠠᠷᠤᠭ᠎ᠠ ᠱᠠᠭᠠᠷᠳᠠᠭᠰᠠᠨ ᠨᠢ᠂ ᠵᠡᠭᠡᠯᠢ ᠭᠤᠳᠤᠮᠵᠢ ᠶᠢᠨ ᠳᠡᠭᠡᠳᠦ ᠳᠣᠤᠷᠠᠳᠤ ᠱᠠᠲᠤᠨ ᠤ ᠬᠢᠨ ᠭᠤᠤᠯᠳᠠᠯᠭ᠎ᠠ ᠲᠠᠢ ᠬᠤᠲᠠ ᠪᠠᠶᠢᠭᠤᠯᠬᠤ ᠴᠡᠭ ᠪᠠᠶᠢᠷᠢ ᠶᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠶᠢᠴᠠᠭᠠᠯᠲᠠ ᠶᠢᠨ ᠳᠤᠮᠳᠠ ᠣᠷᠣᠰᠢᠵᠤ ᠪᠠᠶᠢᠭ᠎ᠠ ᠡᠯ᠎ᠡ ᠵᠦᠢᠯ ᠤᠨ ᠠᠰᠠᠭᠤᠳᠠᠯ ᠳᠤ ᠬᠠᠷᠢᠭᠤᠴᠠᠯᠭ᠎ᠠ ᠶᠢ ᠪᠣᠳᠠᠲᠠᠶ ᠬᠥᠮᠦᠨ ᠳᠤᠨᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠶ᠃ ᠪᠠᠷᠢᠮᠵᠢᠶ᠎ᠠ ᠶᠢ ᠴᠢᠩᠳᠠᠯᠠᠬᠤ ᠪᠠᠷᠢᠮᠵᠢᠶ᠎ᠠ ᠶᠢ ᠰᠤᠯᠠᠷᠠᠭᠤᠯᠤᠯ ᠦᠭᠡᠢ ᠪᠠᠷᠢᠮᠲᠠᠯᠠᠵᠤ᠂ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃
     ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠨᠡᠷᠡᠨ᠂ ᠵᠡᠭᠡᠯᠢ ᠭᠤᠳᠤᠮᠵᠢ ᠶᠢᠨ ᠭᠤᠤᠯ ᠤᠳᠤᠷᠢᠳᠤᠯᠭ᠎ᠠ᠂ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠬᠢᠨᠠᠨ ᠵᠢᠯᠣᠭᠤᠳᠪᠠ᠃
   
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号