ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ 2016 ᠣᠨ ᠠᠴᠠ ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠬᠡᠪᠴᠢᠶᠡᠨ ᠳᠤ ᠰᠢᠨ᠎ᠡ | ᠡᠨᠧᠷᠬᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠭᠰᠡᠨ ᠠᠴᠠ ᠨᠠᠭᠠᠰᠢ᠂ 2023 ᠣᠨ ᠤ 1 ᠳ᠋ᠦ᠋ᠭᠡᠷ | ᠰᠠᠷ᠎ᠠ ᠶᠢᠨ 31 ᠤ ᠡᠳᠦᠷ ᠪᠣᠯᠲᠠᠯ᠎ᠠ᠂ ᠪᠥᠬᠦ ᠣᠷᠣᠨ ᠳᠤ ᠰᠢᠨ᠎ᠡ ᠡᠨᠧᠷᠬᠢ ᠶᠢᠨ ᠮᠠᠰᠢᠨ ᠲᠡᠷᠭᠡ ᠶᠢ ᠨᠡᠶᠢᠲᠡ | 57493 ᠰᠠᠤᠷᠢ ᠳᠡᠯᠭᠡᠷᠡᠭᠦᠯᠦᠨ ᠬᠡᠷᠡᠭᠯᠡᠵᠦ᠂ ᠨᠡᠶᠢᠲᠡ 17.71 ᠳ᠋ᠦᠩᠰᠢᠭᠤᠷ ᠺᠢᠯᠤᠮᠧᠲᠷ ᠠᠶᠠᠯᠠᠵᠤ᠂ ᠨᠡᠶᠢᠲᠡ | 8.50 ᠳ᠋ᠦᠩᠰᠢᠭᠤᠷ ᠭᠷᠡᠳᠦ᠋ᠰ ᠴᠠᠬᠢᠯᠭᠠᠨ ᠴᠡᠨᠡᠭᠯᠡᠵᠦ᠂ ᠰᠢᠲᠠᠭᠠᠯᠭ᠎ᠠ ᠶᠢᠨ ᠲᠣᠰᠣ ᠶᠢ 2.21 ᠳ᠋ᠦᠩᠰᠢᠭᠤᠷ | ᠯᠢᠲ᠋ᠧᠷ ᠣᠷᠣᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ 110.30 ᠲᠦᠮᠡᠨ ᠲᠣᠨ ᠪᠠᠭᠠᠰᠬᠠᠪᠠ᠃ | ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠤᠷᠢᠳ ᠬᠤᠵᠢᠳ ︽ᠰᠢᠨ᠎ᠡ ᠡᠨᠧᠷᠬᠢ ᠶᠢᠨ ᠮᠠᠰᠢᠨ | ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠲᠥᠷᠥ ᠶᠢᠨ | ᠪᠣᠳᠣᠯᠭ᠎ᠠ ᠶᠢᠨ ᠴᠢᠨᠠᠷᠲᠠᠢ ᠣᠯᠠᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠭᠤᠣᠯᠳᠠᠯᠭ᠎ᠠ ᠲᠠᠢ | ᠬᠦᠷᠢᠶᠡᠨ ᠳᠤ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠬᠤ᠂ ᠴᠠᠬᠢᠯᠭᠠᠨ ᠴᠡᠨᠡᠭᠯᠡᠵᠦ ᠰᠣᠯᠢᠬᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠰᠢᠨ᠎ᠡ ᠡᠨᠧᠷᠬᠢ ᠶᠢᠨ ᠮᠠᠰᠢᠨ | ᠲᠡᠷᠭᠡ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠬᠢᠵᠦ᠂ ᠰᠢᠨ᠎ᠡ | ᠡᠨᠧᠷᠬᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠠᠬᠢᠭᠤᠯᠤᠯ ᠳᠣᠣᠷ᠎ᠠ᠂ ᠮᠠᠨ ᠤ ᠣᠷᠣᠨ ᠤ ᠰᠢᠨ᠎ᠡ ᠡᠨᠧᠷᠬᠢ ᠶᠢᠨ | ᠮᠠᠰᠢᠨ ᠲᠡᠷᠭᠡᠨ ᠤ ᠳᠡᠯᠭᠡᠷᠡᠭᠦᠯᠦᠯᠲᠡ ᠢᠯᠡᠳᠲᠡ ᠦᠷ᠎ᠡ ᠪᠦᠲᠦᠮᠵᠢ ᠣᠯᠵᠤ᠂ ᠣᠨᠴᠠᠭᠠᠶᠢᠯᠠᠨ 2022 ᠣᠨ ᠳᠤ | ᠨᠡᠶᠢᠲᠡ 29214 ᠰᠠᠤᠷᠢ ᠰᠢᠨ᠎ᠡ ᠡᠨᠧᠷᠬᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠵᠦ᠂ ᠠᠳᠠᠯᠢ | ᠬᠤᠭᠤᠴᠠᠭᠠᠨ ᠤ ᠬᠢ ᠠᠴᠠ 196% ᠪᠠᠷ ᠨᠡᠮᠡᠭᠳᠡᠪᠡ᠃ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2023 ᠣᠨ ᠳᠤ᠂ ᠮᠠᠨ ᠤ | ᠣᠷᠣᠨ ᠰᠢᠨ᠎ᠡ ᠡᠨᠧᠷᠬᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠤᠯᠠᠮ ᠨᠢᠭᠡ ᠠᠯᠬᠤᠮ | ᠴᠢᠩᠭᠠᠷᠠᠭᠤᠯᠵᠤ᠂ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠪᠠᠷᠢᠮᠵᠢᠶ᠎ᠠ ᠠᠴᠠ ᠳᠣᠷᠣᠭᠰᠢᠬᠢ ᠴᠠᠶᠢᠶ᠋ᠢᠦ ᠲᠣᠰᠣᠨ ᠤ ᠬᠠᠭᠤᠴᠢᠨ ᠮᠠᠰᠢᠨ ᠲᠡᠷᠭᠡ ᠶᠢ ᠡᠮᠬᠢ | ᠵᠢᠷᠤᠮ ᠲᠠᠢ ᠪᠠᠷ ᠰᠢᠭᠰᠢᠭᠳᠡᠭᠦᠯᠵᠦ᠂ ᠰᠢᠨ᠎ᠡ ᠪᠠᠷ ᠨᠡᠮᠡᠭᠳᠡᠭᠰᠡᠨ ᠪᠠ ᠰᠢᠨᠡᠳᠬᠡᠭᠰᠡᠨ ᠮᠠᠰᠢᠨ ᠲᠡᠷᠭᠡ ᠠᠴᠠ ᠰᠢᠨ᠎ᠡ | ᠡᠨᠧᠷᠬᠢ ᠶᠢᠨ ᠬᠦᠨᠳᠦ ᠳᠠᠭᠠᠭᠠᠴᠠ ᠶᠢᠨ ᠮᠠᠰᠢᠨ ᠬᠡᠷᠡᠭᠯᠡᠬᠦ ᠶᠢ ᠬᠥᠲᠥᠯᠥᠨ ᠵᠢᠯᠤᠭᠤᠳᠴᠤ ᠳᠡᠯᠭᠡᠷᠡᠭᠦᠯᠦᠨ᠎ᠡ᠂ | ᠰᠢᠨ᠎ᠡ ᠪᠠᠷ ᠨᠡᠮᠡᠭᠳᠡᠭᠰᠡᠨ ᠪᠠ ᠰᠢᠨᠡᠳᠬᠡᠭᠰᠡᠨ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠳᠠᠬᠢ ᠰᠢᠨ᠎ᠡ ᠡᠨᠧᠷᠬᠢ ᠶᠢᠨ | ᠮᠠᠰᠢᠨ ᠲᠡᠷᠭᠡ ᠶᠢᠨ ᠡᠵᠡᠯᠡᠬᠦ ᠬᠠᠷᠢᠴᠠᠯ ᠢ 85% ᠠᠴᠠ ᠳᠣᠣᠷ᠎ᠠ ᠦᠭᠡᠢ ᠪᠠᠶᠢᠯᠭᠠᠵᠤ᠂ ᠲᠣᠭᠤᠷᠢᠨ ᠵᠤᠭᠠᠴᠠᠬᠤ | ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠶᠢ 1600 ᠰᠠᠤᠷᠢ ᠠᠴᠠ ᠳᠣᠣᠷ᠎ᠠ | ᠦᠭᠡᠢ ᠪᠠᠶᠢᠯᠭᠠᠬᠤ ᠪᠣᠯᠣᠨ᠎ᠠ᠃ | |