ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ | ᠣᠶᠢᠯᠠᠭᠠᠭᠰᠠᠨ ᠢᠶᠠᠷ᠂ ᠣᠶᠢᠷ᠎ᠠ ᠳᠤ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ | ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠬᠠᠮᠵᠢᠯᠴᠠᠬᠤ ᠲᠥᠪ ᠠᠴᠠ ᠲᠣᠰ | ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠰᠠᠭᠤᠬᠤ ᠠᠰᠠᠷ ᠤᠨ C ᠠᠰᠠᠷ ᠲᠤ ᠫᠠᠶᠢᠰᠠ ᠡᠯᠭᠦᠵᠦ᠂ ᠨᠡᠶᠢᠰᠯᠡᠯ ᠤᠨ | ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ | ᠠᠩᠬᠠᠨ ᠤ ᠪᠦᠯᠦᠭ ᠡᠮᠴᠢᠯᠡᠭᠡᠨ ᠤ ᠲᠤᠰᠬᠠᠢ ᠮᠡᠷᠭᠡᠵᠢᠯᠲᠡᠨ ᠮᠠᠨ ᠤ ᠣᠷᠣᠨ ᠳᠤ ᠪᠠᠶᠢᠩᠭᠤ ᠰᠠᠭᠤᠬᠤ ᠪᠠᠷ ᠪᠣᠯᠪᠠ᠃ | ᠮᠠᠨ ᠤ ᠣᠷᠣᠨ ᠤ ᠠᠷᠠᠳ ᠢᠷᠭᠡᠳ ︽ᠭᠡᠷ ᠤᠨ ᠢᠶᠠᠨ ᠡᠭᠦᠳᠡᠨ︾ ᠳᠤ ᠣᠶᠢᠷ᠎ᠠ ᠬᠠᠪᠢ ᠳᠤ ᠪᠠᠨ ᠤᠯᠤᠰ ᠤᠨ | ᠲᠠᠰ ᠤᠨ ᠰᠢᠯᠢᠳᠡᠭ ᠡᠮᠴᠢᠯᠡᠭᠡᠨ ᠤ ᠦᠢᠯᠡᠴᠢᠯᠡᠭᠡ ᠶᠢ ᠬᠦᠷᠲᠡᠵᠦ᠂ ᠣᠨᠳᠣᠣ ᠭᠠᠵᠠᠷ ᠲᠤ ᠡᠪᠡᠳᠴᠢᠨ | ᠦᠵᠡᠭᠦᠯᠬᠦ ᠠᠴᠠ ᠪᠣᠯᠤᠭᠰᠠᠨ ᠳᠥᠭᠦᠮ ᠦᠭᠡᠢ ᠪᠠᠶᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠣᠯᠣᠨ᠎ᠠ᠃ | | | | | | ᠣᠶᠢᠯᠠᠭᠠᠭᠰᠠᠨ ᠢᠶᠠᠷ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ | ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠠᠬᠢᠭᠤᠯᠤᠨ᠂ ᠣᠷᠣᠨ ᠪᠦᠰᠡ ᠶᠢᠨ ᠡᠮᠴᠢᠯᠡᠭᠡᠨ ᠤ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠣᠯᠠᠨ ᠲᠦᠮᠡᠨ ᠳᠤ ᠴᠢᠨᠠᠷ ᠰᠠᠶᠢᠲᠠᠢ ᠳᠥᠭᠦᠮ ᠳᠥᠲᠡ | ᠡᠮᠴᠢᠯᠡᠭᠡᠨ ᠤ ᠦᠢᠯᠡᠴᠢᠯᠡᠭᠡ ᠬᠠᠩᠭᠠᠵᠤ᠂ ︽ᠬᠦᠨᠳᠦ ᠡᠪᠡᠳᠴᠢᠨ ᠢ ᠡᠮᠨᠡᠬᠦ ᠳᠤ ᠣᠷᠣᠨ ᠠᠴᠠ ᠪᠠᠨ ᠭᠠᠷᠬᠤ ᠦᠭᠡᠢ︾ | ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠂ 2022 ᠣᠨ ᠤ 9 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠤᠯᠤᠰ ᠤᠨ ᠣᠷᠣᠨ ᠪᠦᠰᠡ ᠶᠢᠨ | ᠡᠮᠴᠢᠯᠡᠭᠡᠨ ᠤ ᠲᠥᠪ ᠢ ᠬᠠᠮᠲᠤᠷᠠᠨ ᠪᠠᠶᠢᠭᠤᠯᠬᠤ ᠵᠥᠪᠯᠡᠯᠴᠡᠭᠡᠷ ᠲᠣᠭᠲᠠᠪᠠ᠃ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠣᠳᠣᠬᠠᠨ ᠤ ᠡᠬᠢ ᠪᠠᠶᠠᠯᠢᠭ ᠲᠤ ᠪᠠᠨ ᠲᠦᠰᠢᠭᠯᠡᠨ᠂ | ᠲᠤᠰᠠᠭᠠᠷ ᠣᠷᠣᠨ ᠲᠠᠯᠠᠪᠤᠷ ᠬᠠᠩᠭᠠᠵᠤ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ | ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠬᠠᠮᠵᠢᠯᠴᠠᠬᠤ ᠲᠥᠪ ᠢ ᠪᠠᠶᠢᠭᠤᠯᠵᠤ᠂ | ᠡᠮᠨᠡᠯᠭᠡ ᠶᠢᠨ ᠬᠤᠷᠢᠶ᠎ᠠ ᠶᠢᠨ ᠰᠢᠩᠭᠡᠭᠡᠯᠲᠡ ᠶᠢᠨ ᠳᠣᠲᠣᠷ ᠰᠠᠯᠠᠭ᠎ᠠ᠂ ᠡᠩ ᠤᠨ ᠭᠠᠳᠠᠷ ᠰᠠᠯᠠᠭ᠎ᠠ᠂ ᠰᠢᠭᠡᠰᠦ | ᠰᠢᠭᠦᠷᠡᠭᠦᠯᠬᠦ ᠭᠠᠳᠠᠷ ᠰᠠᠯᠠᠭᠠᠨ ᠤ ᠡᠬᠢ ᠪᠠᠶᠠᠯᠢᠭ ᠢ ᠨᠡᠶᠢᠳᠬᠡᠵᠦ᠂ ᠨᠡᠶᠢᠲᠡ 300 ᠭᠠᠷᠤᠢ ᠡᠪᠡᠳᠴᠢᠲᠡᠨ ᠤ ᠣᠷᠣ | ᠲᠣᠬᠢᠷᠠᠭᠤᠯᠵᠤ᠂ ᠡᠪᠡᠳᠴᠢᠨ ᠤ ᠵᠦᠢ ᠪᠠ ᠳᠦᠷᠰᠦ ᠰᠢᠩᠭᠡᠭᠡᠯᠲᠡ ᠪᠠᠷ ᠲᠤᠯᠭᠠᠭᠤᠷᠢᠯᠠᠯ ᠪᠣᠯᠭᠠᠨ᠂ ᠨᠡᠶᠢᠰᠯᠡᠯ ᠤᠨ | ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ | ᠲᠣᠮᠢᠯᠠᠭᠰᠠᠨ ᠲᠤᠰᠬᠠᠢ ᠮᠡᠷᠭᠡᠵᠢᠯᠲᠡᠨ ᠤ ᠪᠦᠯᠬᠦᠮ ᠲᠠᠢ ᠬᠠᠮᠲᠤᠷᠠᠵᠤ ᠣᠨᠣᠰᠢᠯᠠᠨ ᠡᠮᠨᠡᠬᠦ ᠠᠵᠢᠯᠯᠠᠭ᠎ᠠ | ᠥᠷᠨᠢᠭᠦᠯᠬᠦ ᠪᠠᠷ ᠪᠤᠢ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠬᠤ ᠶᠠᠪᠤᠴᠠ ᠳᠤ᠂ ᠨᠡᠶᠢᠰᠯᠡᠯ ᠤᠨ ᠠᠨᠠᠭᠠᠬᠤ | ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ | ᠰᠢᠩᠭᠡᠭᠡᠯᠲᠡ᠂ ᠡᠩ ᠤᠨ ᠭᠠᠳᠠᠷ ᠰᠠᠯᠠᠭ᠎ᠠ ᠪᠠ ᠰᠢᠭᠡᠰᠦ ᠰᠢᠭᠦᠷᠡᠭᠦᠯᠬᠦ ᠰᠢᠰᠲ᠋ᠧᠮ ᠤᠨ ᠡᠪᠡᠳᠴᠢᠨ ᠡᠮᠭᠡᠭ ᠵᠡᠷᠭᠡ | ᠲᠠᠯ᠎ᠠ ᠪᠠᠷ ᠬᠢ ᠤᠷᠢᠳᠴᠢᠯᠠᠨ ᠰᠡᠷᠭᠡᠶᠢᠯᠡᠬᠦ᠂ ᠣᠨᠣᠰᠢᠯᠠᠨ ᠡᠮᠨᠡᠬᠦ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ | ᠵᠢᠭᠠᠨ ᠰᠤᠷᠭᠠᠯᠲᠠ ᠥᠷᠨᠢᠭᠦᠯᠬᠦ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠮᠡᠷᠭᠡᠵᠢᠯ᠂ ᠬᠠᠮᠢᠶᠠᠷᠤᠯᠲᠠ ᠪᠣᠯᠣᠨ ᠨᠡᠷᠡᠲᠦ ᠲᠡᠮᠳᠡᠭ ︽ᠭᠤᠷᠪᠠ ᠶᠢ ᠲᠡᠭᠰᠢ ᠪᠠᠷ ᠰᠢᠯᠵᠢᠭᠦᠯᠬᠦ︾ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠪᠦᠬᠦᠯᠢ ᠴᠣᠭᠴᠠ ᠶᠢᠨ ᠣᠨᠣᠰᠢᠯᠠᠨ ᠡᠮᠨᠡᠬᠦ ᠬᠢᠷᠢ ᠲᠦᠪᠰᠢᠨ ᠤ ᠳᠡᠭᠡᠭᠰᠢᠯᠡᠯᠲᠡ ᠶᠢ | ᠲᠠᠶᠢᠴᠢᠯᠠᠨ᠎ᠠ᠃ |