ᠬᠥᠬᠡᠬᠤᠲᠠ ᠶᠢᠨ ᠲᠡᠭᠦᠷᠭᠡ ᠶᠢᠨ ᠵᠢᠭᠤᠯᠴᠢᠯᠠᠯ ᠤᠨ ᠦᠵᠡᠮᠵᠢᠲᠦ ᠣᠷᠣᠨ
ᠨᠡᠶᠢᠲᠡᠯᠡᠭᠰᠡᠨ ᠴᠠᠭ᠄
2023/3/14
     ᠰᠤᠷᠪᠤᠯᠵᠢᠯᠠᠭᠴᠢ ᠭᠤᠤ ᠬᠤᠩ ᠯᠢᠶᠠᠨ ᠴᠣᠪᠣᠭᠤ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠲᠡ ᠶᠢ ᠳᠠᠶᠢᠴᠢᠯᠠᠬᠤ ᠪᠠᠷ ᠡᠭᠦᠷᠭᠡ ᠪᠤᠯᠭᠠᠨ᠂ ᠵᠢᠭᠤᠯᠴᠢᠯᠠᠯ ᠤᠨ ᠤᠷᠤᠨ ᠤ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠪᠠ ᠡᠵᠡᠩᠨᠡᠯᠲᠡ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠤ᠂ ᠬᠦᠬᠡᠬᠤᠲᠠ ︽ᠤᠷᠤᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠦᠪ︾ ᠪᠠ ︽ᠵᠢᠭᠤᠯᠴᠢᠯᠠᠬᠤ ᠳᠤ ᠲᠤᠬᠢᠷᠠᠮᠵᠢᠲᠠᠢ︾ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠤᠯᠠᠮ ᠨᠢᠭᠡ ᠠᠯᠬᠤᠮ ᠳᠡᠰ ᠳᠡᠪᠰᠢᠭᠦᠯᠬᠦ ᠶᠢᠨ ᠲᠥᠯᠥᠭᠡ ᠠᠯᠢ ᠣᠯᠠᠨ ᠵᠢᠭᠤᠯᠴᠢᠯᠠᠯ ᠤᠨ ᠲᠥᠷᠥᠯ ᠵᠦᠢᠯ ᠢ ᠪᠦᠲᠦᠭᠡᠨ ᠪᠠᠶᠢᠭᠤᠯᠵᠤ ᠪᠠᠶᠢᠨ᠎ᠠ᠃ ᠡᠭᠦᠨ ᠤ ᠳᠣᠲᠣᠷ᠎ᠠ ᠬᠦᠬᠡᠬᠤᠳᠠ ᠶᠢᠨ ᠴᠡᠯᠡᠭᠡᠷ ᠲᠠᠯ᠎ᠠ ᠰᠤᠶᠤᠯ ᠵᠢᠭᠤᠯᠴᠢᠯᠠᠯ ᠤᠨ ᠤᠨᠴᠠᠯᠢᠬᠳᠤ ᠪᠠᠯᠭᠠᠰᠤ᠂ ᠶᠡᠭᠡ ᠲᠦᠷᠭᠡᠨ ᠭᠤᠤᠯ ᠤᠨ ᠦᠵᠡᠮᠵᠢ ᠶᠢᠨ ᠪᠦᠰᠡ᠂ ᠮᠠ ᠽᠦᠩ ᠱᠠᠨ ᠤ ᠴᠡᠨᠡᠯᠡᠯᠲᠡ ᠶᠢᠨ ᠲᠠᠯᠠᠪᠠᠢ ᠵᠡᠷᠭᠡ ᠰᠤᠶᠤᠯ ᠵᠢᠭᠤᠯᠴᠢᠯᠠᠯ ᠤᠨ ᠤᠷᠤᠨ ᠨᠡᠯᠢᠶᠡᠳ ᠣᠨᠴᠠᠯᠠᠭᠳᠠᠵᠤ ᠪᠤᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号