ᠵᠥᠷᠢᠴᠡᠯ ᠵᠢᠭᠤᠷᠠᠯᠳᠤᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠨᠡᠶᠢᠭᠡᠮ ᠲᠣᠭᠤᠷᠢᠭ ᠤᠨ | ᠣᠯᠠᠨ ᠲᠦᠮᠡᠨ ᠳᠤ ᠦᠢᠯᠡᠴᠢᠯᠡᠨ᠂ ᠬᠠᠷᠢᠶᠠᠲᠤ ᠣᠷᠣᠨ ᠤ ᠠᠮᠤᠷ ᠲᠦᠪᠰᠢᠨ ᠤ ᠡᠮᠬᠢ ᠳᠢᠭᠯᠢᠮ ᠤᠨ ᠦᠷᠭᠦᠯᠵᠢᠯᠡᠨ | ᠲᠣᠭᠲᠠᠭᠤᠨ ᠪᠠᠶᠢᠬᠤ ᠶᠢ ᠪᠦᠲᠦᠮᠵᠢᠲᠡᠶ ᠬᠠᠮᠠᠭᠠᠯᠠᠬᠤ ᠶᠢᠨ ᠲᠥᠯᠥᠭᠡ᠂ ᠢᠦᠶ ᠴᠢᠤᠸᠠᠨ ᠲᠣᠭᠤᠷᠢᠭ ᠤᠨ ᠰᠢᠩ | ᠯᠦᠩ ᠭᠤᠳᠤᠮᠵᠢ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠨᠡᠶᠢᠭᠡᠮ ᠲᠣᠭᠤᠷᠢᠭ ᠤᠨ ᠬᠢᠨ ᠢᠳᠡᠪᠬᠢᠲᠡᠶ ᠪᠠᠷ | ᠠᠵᠢᠯ ᠤᠨ ᠠᠷᠭ᠎ᠠ ᠬᠡᠮᠵᠢᠶ᠎ᠡ ᠠᠪᠴᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ︽ᠨᠢᠭᠡ ᠯᠡ ᠥᠷᠲᠡᠭᠡᠨ ᠤ | ᠮᠠᠶ᠋ᠢᠭ︾ ᠤᠨ ᠦᠢᠯᠡᠴᠢᠯᠡᠭᠡᠨ ᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠪᠡ᠃ | | | | | ᠣᠶᠢᠷ᠎ᠠ ᠳᠤ᠂ ᠵᠢᠷᠭᠤᠳᠤᠭᠠᠷ ᠳᠤᠮᠳᠠᠳᠤ ᠰᠤᠷᠭᠠᠭᠤᠯᠢ ᠨᠡᠶᠢᠭᠡᠮ ᠲᠣᠭᠤᠷᠢᠭ ᠤᠨ ᠬᠠᠷᠢᠶᠠᠨ ᠳᠠᠬᠢ ᠯᠢ ᠷᠢ | ᠴᠡᠴᠡᠷᠯᠢᠭ ᠤᠨ ᠬᠤᠷᠢᠶᠠᠯᠠᠯ ᠤᠨ ᠤᠰᠤᠨ ᠤ ᠳᠠᠷᠤᠯᠲᠠ ᠬᠡᠲᠦ ᠪᠠᠭ᠎ᠠ ᠠᠴᠠ ᠪᠣᠯᠵᠣ᠂ 5 ᠳ᠋ᠤᠭᠠᠷ ᠳᠠᠪᠬᠤᠷᠭ᠎ᠠ ᠪᠠ 6 | ᠳ᠋ᠤᠭᠠᠷ ᠳᠠᠪᠬᠤᠷᠯᠢᠭ ᠤᠨ ᠰᠠᠭᠤᠭᠠᠯᠢ ᠠᠷᠠᠳ ᠤᠨ ᠤᠰᠤ ᠬᠡᠷᠡᠭᠯᠡᠬᠦ ᠳᠤ ᠮᠠᠰᠢ ᠶᠡᠭᠡ ᠰᠠᠭᠠᠳ ᠤᠴᠠᠷᠠᠭᠤᠯᠵᠤ᠂ | ᠣᠷᠣᠶ ᠶᠢᠨ ᠬᠤᠭᠤᠯᠠᠨ ᠤ ᠴᠠᠭ ᠪᠤᠶᠤ ᠤᠰᠤ ᠬᠡᠷᠡᠭᠯᠡᠬᠦ ᠣᠷᠭᠢᠯ ᠤᠨ ᠬᠤᠭᠤᠴᠠᠭᠠᠨ ᠤ ᠣᠷᠣᠶ ᠶᠢᠨ ᠶᠢᠰᠦ᠂ ᠠᠷᠪᠠᠨ | ᠴᠠᠭ ᠤᠨ ᠦᠶ᠎ᠡ ᠳᠤ᠂ ᠤᠰᠤᠨ ᠭᠤᠭᠤᠵᠢᠭᠤᠷ ᠨᠢ ᠶᠠᠭ ᠯᠠ ︽ᠬᠦᠵᠦᠭᠦᠤ ᠪᠠᠷ ᠢᠶᠠᠨ︾ ᠪᠠᠷᠢᠭᠳᠠᠭᠰᠠᠨ ᠰᠢᠭ᠋ | ᠪᠣᠯᠵᠣ᠂ ᠵᠠᠷᠢᠮ ᠳᠠᠭᠠᠨ ᠤᠰᠤᠨ ᠳᠤᠰᠤᠯ ᠤᠷᠤᠰᠴᠤ᠂ ᠵᠠᠷᠢᠮ ᠳᠠᠭᠠᠨ ᠵᠢᠭᠠᠬᠠᠨ ᠴᠤ ᠤᠰᠤ ᠥᠬᠡᠶ᠂ ᠡᠰᠡᠬᠦᠯ᠎ᠡ | ᠨᠢᠭᠡᠮᠦᠰᠦᠨ ᠤᠰᠤ ᠭᠠᠷᠬᠤ ᠥᠬᠡᠶ ᠪᠠᠶᠢᠳᠠᠭ᠃ | | | | | ᠡᠨᠡ ᠬᠦ ᠪᠠᠶᠢᠳᠠᠯ ᠢ ᠮᠡᠳᠡᠭᠰᠡᠨ ᠤ ᠳᠠᠷᠠᠭ᠎ᠠ᠂ ᠵᠢᠷᠭᠤᠳᠤᠭᠠᠷ ᠳᠤᠮᠳᠠᠳᠤ ᠰᠤᠷᠭᠠᠭᠤᠯᠢ ᠨᠡᠶᠢᠭᠡᠮ | ᠲᠣᠭᠤᠷᠢᠭ ᠤᠨ ᠬᠢᠨ ᠳᠠᠷᠦ᠋ᠢᠬᠠᠨ ᠠᠳᠠᠯ ᠠᠬᠤᠢ ᠶᠢᠨ ᠭᠠᠵᠠᠷ ᠲᠠᠢ ᠬᠠᠷᠢᠯᠴᠠᠬᠤ ᠶᠢᠨ ᠬᠠᠮᠲᠤ ᠰᠠᠭᠤᠭᠠᠯᠢ | ᠠᠷᠠᠳ ᠤᠨ ᠭᠡᠷ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠠᠭᠤᠭᠠᠯᠢ ᠠᠷᠠᠳ ᠤᠨ ᠤᠷᠮ᠎ᠠ | ᠰᠡᠳᠬᠢᠯᠭᠡ ᠶᠢ ᠲᠠᠶᠢᠳᠬᠤᠷᠠᠭᠤᠯᠪᠠ᠃ ᠨᠡᠶᠢᠭᠡᠮ ᠲᠣᠭᠤᠷᠢᠭ ᠤᠨ ᠬᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠳᠤ ᠴᠠᠭ ᠲᠤᠬᠠᠶ ᠳᠤᠨᠢ ᠮᠡᠳᠡᠭᠦᠯᠦᠨ ᠳᠠᠩᠰᠠᠯᠠᠭᠤᠯᠵᠤ᠂ ᠤᠰᠤ ᠬᠠᠩᠭᠠᠬᠤ ᠺᠣᠮᠫᠠᠨᠢ ᠲᠠᠢ ᠬᠠᠷᠢᠯᠴᠠᠵᠤ᠂ | ᠤᠯᠠᠨ ᠤᠳᠠᠭ᠎ᠠ ᠵᠥᠪᠳᠡᠯᠴᠡᠵᠦ᠂ ᠤᠰᠤ ᠬᠠᠩᠭᠠᠬᠤ ᠺᠣᠮᠫᠠᠨᠢ ᠠᠴᠠ ᠵᠢᠭᠰᠠᠭᠠᠨ ᠪᠠᠶᠢᠴᠠᠭᠠᠭᠰᠠᠨ ᠤ ᠲᠠᠷᠠᠭ᠎ᠠ᠂ | ᠰᠠᠭᠤᠭᠠᠯᠢ ᠠᠷᠠᠳ ᠤᠨ ᠭᠡᠷ ᠤᠨ ᠬᠤᠭᠤᠯᠠᠶ ᠶᠢᠨ ᠲᠣᠣᠷ ᠬᠠᠭᠤᠴᠢᠷᠠᠵᠤ ᠤᠰᠤᠨ ᠬᠤᠭᠤᠯᠠᠶ ᠠᠴᠠ ᠤᠰᠤ ᠶᠡᠭᠡ | ᠭᠤᠭᠤᠵᠢᠭᠰᠠᠨ ᠠᠴᠠ ᠪᠤᠯᠵᠤ ᠤᠰᠤᠨ ᠤ ᠳᠠᠷᠤᠯᠲᠠ ᠳᠡᠩᠳᠡᠭᠦᠦ ᠪᠠᠭ᠎ᠠ᠂ ᠤᠰᠤ ᠬᠡᠷᠡᠭᠯᠡᠬᠦ ᠤᠷᠬᠢᠯ ᠤᠨ | ᠬᠤᠭᠤᠴᠠᠭᠠᠨ ᠳᠤ 5 ᠳᠠᠪᠬᠤᠷᠭ᠎ᠠ᠂ 6 ᠳᠠᠪᠬᠤᠷᠭ᠎ᠠ ᠶᠢᠨ ᠤᠰᠤ ᠬᠡᠷᠡᠭᠯᠡᠬᠦ ᠳᠤ ᠬᠦᠴᠢᠷᠳᠡᠵᠦ᠂ ᠬᠤᠭᠤᠯᠠᠶ ᠶᠢᠨ | ᠲᠣᠣᠷ ᠢ ᠰᠣᠯᠢᠭᠰᠠᠨ ᠤ ᠲᠠᠷᠠᠭ᠎ᠠ᠂ ᠰᠠᠭᠤᠭᠠᠯᠢ ᠠᠷᠠᠳ ᠤᠨ ᠬᠡᠷᠡᠭᠯᠡᠬᠦ ᠤᠰᠤ ᠨᠢᠭᠡᠨᠲᠡ ᠬᠡᠪ ᠤᠨ ᠪᠠᠶᠢᠳᠠᠯ ᠳᠤ | ᠤᠷᠤᠪᠠ᠃ | | | | | ᠵᠢᠷᠭᠤᠳᠤᠭᠠᠷ ᠳᠤᠮᠳᠠᠳᠤ ᠰᠤᠷᠭᠠᠭᠤᠯᠢ ᠨᠡᠶᠢᠭᠡᠮ ᠲᠣᠭᠤᠷᠢᠭ ᠤᠨ ᠬᠢᠨ ᠦᠨᠡᠨ ᠪᠣᠳᠠᠲᠠᠶ ᠠᠷᠭ᠎ᠠ ᠬᠡᠮᠵᠢᠶ᠎ᠡ ᠪᠠᠷ | ᠳᠠᠮᠵᠢᠭᠤᠯᠤᠨ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ | ᠪᠠᠶᠢᠳᠠᠯ ᠳᠤᠨᠢ ᠰᠢᠢᠳᠪᠦᠷᠢᠯᠡᠵᠦ᠂ ᠴᠢᠬᠤᠯᠠ ᠶᠡᠭᠡ ᠵᠥᠷᠢᠴᠡᠯ ᠵᠢᠭᠤᠷᠠᠯᠳᠤᠭᠠᠨ ᠢ ᠬᠤᠯᠪᠣᠯᠳᠤᠭᠤᠯᠤᠨ ᠲᠣᠬᠢᠷᠠᠭᠤᠯᠵᠤ | ᠬᠤᠯᠪᠣᠯᠳᠤᠭᠤᠯᠤᠨ ᠰᠢᠢᠳᠪᠦᠷᠢᠯᠡᠬᠦ ᠳᠤ ᠢᠳᠡᠪᠬᠢᠲᠡᠶ ᠣᠷᠣᠯᠴᠠᠵᠤ᠂ ᠵᠥᠷᠢᠴᠡᠯ ᠵᠢᠭᠤᠷᠠᠯᠳᠤᠭᠠᠨ ᠢ ᠤᠯᠠᠨ | ᠡᠰᠢᠴᠢᠯᠡᠨ ᠰᠢᠢᠳᠪᠦᠷᠢᠯᠡᠵᠦ᠂ ᠬᠠᠷᠢᠶ᠎ᠠ ᠣᠷᠣᠨ ᠤ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢᠨ ᠠᠰᠠᠭᠤᠳᠠᠯ ᠢ | ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠲᠤᠰᠬᠠᠵᠤ᠂ ᠵᠥᠷᠢᠴᠡᠯ ᠢ | ᠰᠢᠢᠳᠪᠦᠷᠢᠯᠡᠬᠦ ᠳᠤ ︽ᠨᠢᠭᠡ ᠯᠡ ᠡᠭᠦᠳᠡ ᠪᠠᠷ ᠣᠷᠣᠵᠤ᠂ ᠬᠠᠮᠤᠭ ᠤᠨ ᠤᠯᠠᠨ ᠳᠠᠭᠠᠨ ᠨᠢᠭᠡ ᠯᠡ ᠭᠠᠵᠠᠷ ᠢᠶᠠᠷ | ᠭᠦᠶᠦᠬᠦ︾ ᠪᠣᠯᠭᠠᠵᠤ᠂ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ | ᠪᠤᠢ ᠪᠣᠯᠭᠠᠬᠤ ᠬᠡᠷᠡᠭᠲᠡᠶ᠃ ︵ᠰᠤᠷᠪᠤᠯᠵᠢᠯᠠᠭᠴᠢ᠄ ᠼᠤᠤ ᠶᠢᠩ ᠴᠢᠮᠡᠭᠡᠯᠡᠭᠴᠢ᠄ ᠦ᠋ ᠰᠢᠤᠸᠠᠢ ᠹᠠᠩ︶ | |