ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ ᠪᠥᠬᠦ ᠣᠷᠣᠨ ᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ | ᠡᠬᠡ ᠲᠠᠩᠰᠠᠨ ᠳᠠᠬᠢ 8061 ᠲᠥᠷᠥᠯ ᠵᠦᠢᠯ ᠠᠴᠠ 7999 ᠶᠢ ᠨᠢ ᠨᠢᠭᠡᠨᠲᠡ ᠬᠢᠨᠡᠨ ᠵᠥᠪᠰᠢᠶᠡᠷᠡᠵᠦ᠂ ᠬᠢᠨᠡᠨ | ᠵᠥᠪᠰᠢᠶᠡᠷᠡᠭᠰᠡᠨ ᠨᠣᠷᠮ᠎ᠠ 99.23% ᠳᠤ ᠬᠥᠷᠪᠡ᠃ ᠡᠭᠦᠨ ᠳᠤ ᠠᠶᠢᠮᠠᠭ ᠬᠤᠲᠠ ᠶᠢᠨ ᠲᠥᠷᠥᠯ ᠵᠦᠢᠯ ᠢ | ᠪᠦᠬᠦᠨ ᠢ ᠬᠢᠨᠡᠨ ᠵᠥᠪᠰᠢᠶᠡᠷᠡᠵᠦ ᠳᠠᠭᠤᠰᠬᠠᠪᠠ᠃ ᠦᠯᠡᠳᠡᠭᠰᠡᠨ 62 ᠲᠥᠷᠥᠯ ᠵᠦᠢᠯ ᠨᠢ 152 ᠲᠠᠯ᠎ᠠ ᠶᠢᠨ ᠬᠢᠨᠠᠨ | ᠵᠥᠪᠰᠢᠶᠡᠷᠡᠬᠦ ᠭᠠᠷᠳᠠᠮ ᠳᠤ ᠬᠤᠯᠪᠣᠭᠳᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠲᠥᠷᠥᠯ ᠵᠦᠢᠯ ᠪᠣᠯᠭᠠᠨ ᠤ ᠠᠬᠢᠴᠠ ᠶᠢ ᠨᠢᠭᠲᠠ | ᠠᠩᠬᠠᠷᠴᠤ᠂ ᠬᠢᠨᠡᠨ ᠵᠥᠪᠰᠢᠶᠡᠷᠡᠬᠦ ᠶᠣᠰᠣᠲᠠᠢ ᠶᠢ ᠨᠢ ᠪᠥᠬᠦᠨ ᠢ ᠬᠢᠨᠠᠨ ᠵᠥᠪᠰᠢᠶᠡᠷᠡᠬᠦ ᠪᠠᠷ ᠴᠢᠷᠮᠠᠶᠢᠵᠤ ᠪᠠᠶᠢᠨ᠎ᠠ᠃ | ᠣᠶᠢᠯᠭᠠᠭᠰᠠᠨ ᠢᠶᠠᠷ᠂ ᠬᠢᠨᠠᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠦᠢᠯᠪᠤᠷᠢᠲᠠᠢ ᠪᠠᠶᠢᠴᠠᠭᠠᠬᠤ | ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠨᠡᠶᠢᠲᠡ 9.6 ᠲᠦᠮᠡᠨ ᠲᠥᠷᠥᠯ ᠵᠦᠢᠯ ᠢ ᠡᠮᠬᠢᠯᠡᠵᠦ᠂ ᠬᠢᠨᠡᠨ ᠵᠥᠪᠰᠢᠶᠡᠷᠡᠭᠦᠯᠬᠦ ᠪᠠᠷ | ᠪᠠᠶᠢᠭ᠎ᠠ ᠲᠥᠷᠥᠯ ᠵᠦᠢᠯ ᠤᠨ ᠡᠬᠡ ᠲᠠᠩᠰᠠ ᠪᠠ ᠨᠥᠬᠦᠵᠦ ᠵᠥᠪᠰᠢᠶᠡᠷᠡᠭᠦᠯᠬᠦ ᠲᠥᠷᠥᠯ ᠵᠦᠢᠯ ᠤᠨ ᠡᠬᠡ ᠲᠠᠩᠰᠠ | ᠭᠠᠷᠭᠠᠪᠠ᠃ ᠡᠭᠦᠨ ᠳᠤ ᠬᠡᠪ ᠤᠨ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠬᠦ ᠴᠢᠬᠤᠯᠠᠲᠠᠢ 8061 ᠲᠥᠷᠥᠯ | ᠵᠦᠢᠯ ᠢ ᠬᠢᠨᠠᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠡᠬᠡ ᠳᠠᠩᠰᠠᠨ ᠳᠤ ᠣᠷᠣᠭᠤᠯᠵᠤ᠂ ᠡᠨᠡ | ᠵᠢᠯ ᠤᠨ 3 ᠰᠠᠷ᠎ᠠ ᠶᠢᠨ ᠰᠡᠭᠦᠯᠴᠢ ᠠᠴᠠ ᠡᠮᠦᠨ᠎ᠡ ᠬᠢᠨᠠᠨ ᠵᠥᠪᠰᠢᠶᠡᠷᠡᠬᠦ ᠶᠣᠰᠣᠲᠠᠢ ᠶᠢ ᠨᠢ ᠪᠥᠬᠦᠨ ᠢ ᠬᠢᠨᠠᠨ | ᠵᠥᠪᠰᠢᠶᠡᠷᠡᠬᠦ ᠪᠠᠷ ᠴᠢᠷᠮᠠᠶᠢᠵᠤ ᠪᠠᠶᠢᠨ᠎ᠠ᠃ 1265 ᠲᠥᠷᠥᠯ ᠵᠦᠢᠯ ᠢ ᠨᠥᠬᠦᠵᠦ ᠵᠥᠪᠰᠢᠶᠡᠷᠡᠭᠦᠯᠬᠦ ᠲᠥᠷᠥᠯ | ᠵᠦᠢᠯ ᠤᠨ ᠡᠬᠡ ᠳᠠᠩᠰᠠᠨ ᠳᠤ ᠣᠷᠣᠭᠤᠯᠵᠤ᠂ 2022 ᠣᠨ ᠤ ᠵᠢᠯ ᠤᠨ ᠰᠡᠭᠦᠯᠴᠢ ᠪᠠᠷ ᠪᠥᠬᠦᠨ ᠢ ᠬᠢᠨᠠᠨ | ᠵᠥᠪᠰᠢᠶᠡᠷᠡᠵᠦ ᠳᠠᠭᠤᠰᠬᠠᠪᠠ᠃ | ᠬᠢᠨᠠᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠦᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢᠨ | ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰᠬᠠᠢ | ᠠᠩᠬᠢ ᠪᠠᠶᠢᠭᠤᠯᠵᠤ᠂ ᠲᠤᠰᠬᠠᠢ ᠬᠥᠮᠥᠨ ᠢᠶᠠᠷ ᠬᠠᠮᠢᠶᠠᠷᠤᠭᠤᠯᠤᠨ᠂ ᠬᠢᠨᠠᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ | ᠵᠦᠢᠯ ᠤᠨ ᠠᠵᠢᠯ ᠢ ᠨᠢᠭᠲᠠ ᠵᠣᠯᠭᠠᠯᠴᠠᠭᠤᠯᠵᠤ᠂ ᠠᠵᠢᠯ ᠬᠢᠬᠦ ᠬᠥᠮᠥᠨ ᠲᠠᠢ ᠪᠥᠭᠡᠳ ᠬᠠᠷᠢᠭᠤᠴᠠᠬᠤ ᠬᠥᠮᠥᠨ ᠲᠠᠢ | ᠪᠠᠶᠢᠬᠤ ᠶᠢ ᠪᠠᠲᠤᠯᠠᠪᠠ︔ ᠡᠬᠡ ᠳᠠᠩᠰᠠ ᠪᠠᠶᠢᠭᠤᠯᠤᠨ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠵᠠᠩᠭᠢᠯᠠᠭ᠎ᠠ ᠶᠢᠨ ᠠᠵᠢᠯ ᠳᠤ ᠬᠦᠴᠦᠨ ᠢᠶᠠᠨ ᠲᠥᠪᠯᠡᠷᠡᠭᠦᠯᠦᠨ᠂ ᠠᠵᠢᠯ ᠢ ᠨᠠᠷᠢᠯᠢᠭ ᠣᠨᠣᠴᠠᠲᠠᠢ ᠲᠦᠷᠭᠡᠨ | ᠠᠬᠢᠭᠤᠯᠬᠤ ᠶᠢ ᠪᠠᠲᠤᠯᠠᠪᠠ︔ ᠪᠠᠷᠢᠮᠵᠢᠶ᠎ᠠ ᠲᠣᠭᠲᠠᠭᠠᠨ᠂ ᠳᠡᠭᠡᠷ᠎ᠡ ᠳᠣᠣᠷ᠎ᠠ ᠱᠠᠲᠤ ᠨᠢᠭᠡᠳᠦᠯᠲᠡᠢ᠂ ᠳᠦᠷᠢᠮ | ᠵᠢᠷᠤᠮ ᠲᠠᠢ ᠪᠠᠶᠢᠬᠤ ᠶᠢ ᠪᠠᠲᠤᠯᠠᠪᠠ︔ ᠬᠢᠵᠠᠭᠠᠷ ᠬᠤᠭᠤᠴᠠᠭ᠎ᠠ ᠲᠣᠭᠲᠠᠭᠠᠨ᠂ ᠴᠠᠭ ᠲᠤᠬᠠᠢ ᠳᠤᠨᠢ ᠪᠡᠶᠡᠯᠡᠭᠦᠯᠬᠦ ᠶᠢ | ᠪᠠᠲᠤᠯᠠᠪᠠ︔ ᠨᠠᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ ᠠᠪᠴᠤ᠂ ᠤᠯᠠᠭᠠᠨ ᠨᠣᠭᠤᠭᠠᠨ ᠳ᠋ᠧᠩ ᠤᠨ | ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠂ ᠬᠢᠨᠠᠨ ᠵᠥᠪᠰᠢᠶᠡᠷᠡᠬᠦ ᠪᠥᠬᠦ ᠶᠠᠪᠤᠴᠠ ᠶᠢ ᠭᠡᠷᠡᠴᠢ ᠪᠠᠷᠢᠮᠲᠠ ᠲᠠᠢ | ᠪᠠᠶᠢᠯᠭᠠᠬᠤ ᠶᠢ ᠪᠠᠲᠤᠯᠠᠪᠠ︔ ︽ᠡᠷᠭᠢᠨ ᠬᠠᠷᠠᠬᠤ︾ ᠠᠵᠢᠯ ᠥᠷᠨᠢᠭᠦᠯᠵᠦ᠂ ᠲᠦᠢᠯᠪᠤᠷᠢᠲᠠᠢ ᠪᠠᠶᠢᠴᠠᠭᠠᠬᠤ | ᠶᠣᠰᠣᠲᠠᠢ ᠶᠢ ᠨᠢ ᠪᠥᠬᠦᠨ ᠢ ᠲᠦᠢᠯᠪᠤᠷᠢᠲᠠᠢ ᠪᠠᠶᠢᠴᠠᠭᠠᠵᠤ᠂ ᠲᠣᠭᠲᠠᠭᠠᠯ ᠶᠣᠰᠣᠭᠠᠷ ᠠᠵᠢᠯᠯᠠᠨ᠂ ᠲᠦᠢᠯᠪᠤᠷᠢᠲᠠᠢ | ᠴᠡᠭᠴᠡᠯᠡᠬᠦ ᠶᠢ ᠪᠠᠲᠤᠯᠠᠵᠠᠢ᠃ |